ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠥᠷᠪᠡᠳᠦᠭᠡᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ᠎ᠤᠨ ᠨᠡᠷᠡᠰ᠎ᠢ ᠨᠡᠶ᠋ᠢᠲᠡᠯᠡᠵᠦ᠂ ᠬᠠᠷ᠎ᠠ ᠤᠰᠤ᠂ ᠰᠢᠷᠭ᠎ᠠ ᠨᠠᠭᠤᠷ᠂ ᠥᠯᠵᠡᠶ᠋ᠢᠮᠦ᠋ᠷᠡᠨ ᠭᠤᠣᠯ᠂ ᠵᠢᠩ ᠬᠤ᠌ ᠨᠠᠭᠤᠷ ᠵᠡᠷᠭᠡ 4 ᠨᠤᠭᠤ ᠭᠠᠵᠠᠷ ᠨᠡᠷᠡᠰ᠎ᠲᠤ ᠵᠢᠭᠰᠠᠭ᠋ᠠᠭᠳᠠᠵᠠᠢ᠃ ᠢᠩᠭᠢᠭᠡᠳ ᠥᠪᠥᠷ ᠮᠣᠩᠭᠤᠯ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠨᠤᠭᠤ ᠭᠠᠵᠠᠷ 63 ᠪᠣᠯᠪᠠ᠃
ᠥᠪᠥᠷ ᠮᠣᠩᠭᠤᠯ ᠪᠣᠯ ᠨᠤᠭᠤ ᠭᠠᠵᠠᠷ᠎ᠤᠨ ᠡᠬᠢ ᠪᠠᠶᠠᠯᠢᠭ᠎ᠤᠨ ᠲᠣᠮᠣ ᠣᠷᠣᠨ ᠪᠣᠯᠣᠨ᠎ᠠ᠂ 2022 ᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠬᠤᠪᠢᠷᠠᠯᠲᠠ ᠵᠢᠨ ᠪᠠᠶ᠋ᠢᠴᠠᠭ᠋ᠠᠯᠲᠠ ᠵᠢᠨ ᠳ᠋ᠠᠶ᠋ᠢᠲ᠋ᠠ᠎ᠳᠤ ᠢᠯᠡᠷᠡᠭᠦᠯᠦᠭᠰᠡᠨ ᠵᠶ᠋ᠠᠷ᠂ ᠪᠦᠬᠦ ᠣᠷᠣᠨ᠎ᠤ ᠨᠤᠭᠤ ᠭᠠᠵᠠᠷ᠎ᠤᠨ ᠲᠠᠯᠠᠪᠠᠢ 486.65 ᠲᠦᠮᠡᠨ ᠾᠧᠺᠲ᠋ᠠᠷ (ᠤᠰᠤᠨ ᠣᠷᠣᠨ᠎ᠤ ᠲᠠᠯᠠᠪᠠᠢ ᠪᠠᠭᠲᠠᠨ᠎ᠠ) ᠪᠠᠶ᠋ᠢᠵᠤ᠂ ᠪᠦᠬᠦ ᠤᠯᠤᠰ᠎ᠲᠤ ᠲᠠᠪᠤᠳᠤᠭ᠋ᠠᠷ᠎ᠲᠤ ᠵᠢᠭᠰᠠᠭ᠋ᠠᠭᠳᠠᠪᠠ᠃ ᠪᠥᠬᠦ ᠣᠷᠣᠨ᠎ᠤ ᠨᠤᠭᠤ ᠭᠠᠵᠠᠷ᠎ᠨᠢ ᠡᠬᠢ ᠪᠠᠶᠠᠯᠢᠭ᠎ᠤᠨ ᠲᠥᠷᠥᠯ ᠵᠦᠢ᠍ᠯ ᠣᠯᠠᠨ᠂ ᠣᠨᠴᠠᠯᠢᠭ᠎ᠨᠢ ᠢᠯᠡ ᠲᠣᠳᠣ᠂ ᠠᠮᠢ ᠠᠬᠤᠢ ᠵᠢᠨ ᠦᠨ᠎ᠡ ᠥᠷᠲᠡᠭ ᠵᠶ᠋ᠠᠷ ᠲᠣᠪᠣᠶ᠋ᠢᠮ᠎ᠠ ᠪᠠᠶ᠋ᠢᠵᠤ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠠᠭᠤᠷ ᠠᠮᠢᠰᠬᠤᠯ᠎ᠢ ᠵᠣᠬᠢᠴᠠᠭᠤᠯᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠠᠮᠢ ᠠᠬᠤᠢ ᠵᠢᠨ ᠴᠢᠳᠠᠮᠵᠢ᠎ᠲᠠᠢ ᠴᠢᠬᠤᠯᠠ ᠬᠡᠭᠡᠷ᠎ᠡ ᠵᠢᠨ ᠠᠮᠢᠲᠠᠨ᠎ᠤ ᠣᠷᠣᠰᠢᠨ ᠠᠮᠢᠳᠤᠷᠠᠬᠤ ᠭᠠᠵᠠᠷ ᠶᠤᠮ᠃
ᠣᠯᠠᠨ ᠵᠢᠯ᠎ᠤᠨ ᠲᠤᠷᠰᠢ᠂ ᠥᠪᠥᠷ ᠮᠣᠩᠭᠤᠯ ᠨᠤᠭᠤ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠭᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ᠂ 《ᠥᠪᠥᠷ ᠮᠣᠩᠭᠤᠯ᠎ᠤᠨ ᠨᠤᠭᠤ ᠭᠠᠵᠠᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢᠨ ᠵᠢᠷᠤᠮᠵᠢᠯ》 ᠪᠠ 《ᠥᠪᠥᠷ ᠮᠣᠩᠭᠤᠯ᠎ᠤᠨ ᠴᠢᠬᠤᠯᠠ ᠨᠤᠭᠤ ᠭᠠᠵᠠᠷ᠎ᠢ ᠬᠢᠨᠠᠨ ᠰᠢᠨᠵᠢᠬᠦ ᠮᠡᠷᠭᠡᠵᠢᠯ᠎ᠤᠨ ᠳᠦᠷᠢᠮ》 ᠭᠡᠬᠦ ᠬᠤᠶᠠᠷ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ ᠵᠢ ᠨᠡᠶ᠋ᠢᠲᠡᠯᠡᠨ᠂ ᠥᠪᠥᠷ ᠮᠣᠩᠭᠤᠯ᠎ᠤᠨ ᠨᠤᠭᠤ ᠭᠠᠵᠠᠷ᠎ᠤᠨ ᠣᠷᠣᠨ ᠨᠤᠲᠤᠭ᠎ᠤᠨ ᠪᠠᠷᠢᠮᠵᠢᠶ᠎ᠠ ᠦᠭᠡᠢ ᠬᠤᠭᠤᠰᠤᠨ᠎ᠢ ᠨᠥᠬᠦᠪᠦᠷᠢᠯᠡᠵᠦ᠂ ᠨᠤᠭᠤ ᠭᠠᠵᠠᠷ᠎ᠢ ᠬᠠᠮᠠᠭ᠋ᠠᠯᠠᠬᠤ ᠳᠦᠷᠢᠮ᠎ᠤᠨ ᠲᠣᠭᠲᠠᠯᠴᠠᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠡᠭᠦᠨ᠎ᠤ ᠬᠠᠮᠲᠤ ᠨᠤᠭᠤ ᠭᠠᠵᠠᠷ᠎ᠢ ᠬᠢᠨᠠᠨ ᠬᠠᠮᠢᠶᠠᠷᠴᠤ ᠬᠠᠮᠠᠭ᠋ᠠᠯᠠᠬᠤ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠭᠤ ᠭᠠᠵᠠᠷ᠎ᠢ ᠬᠠᠮᠠᠭ᠋ᠠᠯᠠᠬᠤ ᠬᠠᠤᠯᠢ》 ᠵᠢ ᠴᠢᠩᠭ᠎ᠠ ᠨᠠᠶ᠋ᠢᠳᠠᠪᠤᠷᠢᠵᠢᠭᠤᠯᠤᠨ᠂ ᠨᠤᠭᠤ ᠭᠠᠵᠠᠷ᠎ᠢ ᠲᠡᠰ ᠬᠤᠪᠢᠶᠠᠨ ᠬᠠᠮᠢᠶᠠᠷᠬᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠪᠡ᠃ ᠣᠳᠣᠬᠠᠨ᠎ᠳᠤ᠂ ᠪᠥᠬᠦ ᠣᠷᠣᠨ᠎ᠳᠤ ᠳᠡᠯᠡᠬᠡᠢ ᠵᠢᠨ ᠴᠢᠬᠤᠯᠠ ᠨᠤᠭᠤ ᠭᠠᠵᠠᠷ 4᠂ ᠤᠯᠤᠰ᠎ᠤᠨ ᠴᠢᠬᠤᠯᠠ ᠨᠤᠭᠤ ᠭᠠᠵᠠᠷ 1᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ 63 ᠪᠣᠶ᠃