ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠡᠭ᠎ᠤᠨ ᠠᠵᠢᠯ ᠡᠬᠢᠯᠡᠪᠡ
ᠨᠡᠶ᠋ᠢᠲᠡᠯᠡᠭᠰᠡᠨ ᠴᠠᠭ᠄ 2024-01-17

    ᠣᠶ᠋ᠢᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠲᠥᠰᠥᠯ》 (ᠳᠣᠷᠣᠭᠰᠢ 《ᠲᠤᠷᠰᠢᠯᠲᠠ ᠵᠢᠨ ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠡᠭ᠎ᠤᠨ ᠠᠵᠢᠯ᠎ᠢ ᠡᠬᠢᠯᠡᠭᠦᠯᠵᠡᠢ᠃
    《ᠲᠤᠷᠰᠢᠯᠲᠠ ᠵᠢᠨ ᠲᠥᠰᠥᠯ》᠎ᠨᠢ ᠨᠡᠶ᠋ᠢᠲᠡ 5 ᠲᠠᠯ᠎ᠠ 17 ᠵᠦᠢ᠍ᠯ᠎ᠤᠨ ᠪᠣᠳᠠᠲᠠᠢ ᠡᠭᠦᠷᠭᠡ᠎ᠳᠤ ᠬᠤᠯᠪᠣᠭᠳᠠᠨ᠎ᠠ᠃ 《ᠤᠷᠢᠳ ᠵᠶ᠋ᠠᠷ ᠲᠤᠷᠰᠢᠵᠤ᠂ ᠳᠠᠷᠠᠭ᠎ᠠ᠎ᠨᠢ ᠬᠡᠷᠡᠭᠵᠢᠭᠦᠯᠬᠦ》 ᠰᠡᠳᠬᠢᠮᠵᠢ ᠶᠣᠰᠣᠭ᠋ᠠᠷ᠂ ᠤᠷᠢᠳ ᠵᠶ᠋ᠠᠷ 1 ᠵᠢᠯ᠎ᠤᠨ ᠬᠤᠭᠤᠴᠠᠭ᠋ᠠᠨ᠎ᠳᠤ ᠠᠳᠠᠯᠢ ᠪᠤᠰᠤ ᠪᠡᠯᠴᠢᠭᠡᠷ᠎ᠤᠨ ᠪᠠ ᠠᠵᠤ ᠠᠬᠤᠢ ᠵᠢᠨ ᠲᠥᠷᠥᠯ ᠬᠡᠯᠪᠡᠷᠢ ᠵᠢᠨ ᠣᠷᠣᠨ᠎ᠳᠤ ᠲᠤᠷᠰᠢᠬᠤ᠎ᠪᠠᠷ ᠲᠥᠯᠥᠪᠯᠡᠵᠦ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ ᠳᠣᠬᠢᠷᠠᠭᠤᠯᠬᠤ᠂ ᠨᠢᠭᠡ ᠭᠠᠵᠠᠷ ᠣᠷᠣᠨ᠎ᠳᠤ ᠨᠢᠭᠡ ᠪᠣᠳᠣᠯᠭ᠎ᠠ ᠬᠡᠷᠡᠭᠵᠢᠭᠦᠯᠬᠦ᠎ᠪᠠᠷ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠵᠦ᠂ ᠲᠤᠷᠰᠢᠯᠭ᠎ᠠ᠎ᠨᠤᠭᠤᠳ ᠵᠶ᠋ᠠᠨ ᠳ᠋ᠦᠩᠨᠡᠭᠰᠡᠨ᠎ᠤ ᠳᠠᠷᠠᠭ᠎ᠠ ᠰᠠᠶᠢ ᠪᠥᠬᠦ ᠲᠠᠯ᠎ᠠ᠎ᠪᠠᠷ ᠳᠡᠯᠭᠡᠷᠡᠭᠦᠯᠦᠨ᠎ᠡ᠃ ᠨᠢᠭᠡ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠪᠠᠶ᠋ᠢᠭ᠋ᠠᠯᠢᠯᠢᠭ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠣᠷᠣᠨ᠎ᠤ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠢ ᠵᠢ ᠬᠠᠮᠠᠭ᠋ᠠᠯᠠᠬᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠭᠤᠷᠪᠠᠨ ᠲᠠᠯ᠎ᠠ᠎ᠠᠴᠠ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠪᠣᠲᠠᠲᠠᠢ ᠰᠢᠢ᠍ᠳᠪᠦᠷᠢᠯᠡᠨ᠎ᠡ᠃ ᠬᠤᠶᠠᠷ᠎ᠲᠤ᠂ ᠮᠠᠯᠵᠢᠬᠤ ᠣᠷᠣᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠵᠢ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠭᠤᠣᠯ ᠠᠷᠭ᠎ᠠ ᠵᠠᠮ ᠪᠣᠯᠭ᠋ᠠᠨ᠎ᠠ᠃ ᠬᠠᠰᠢᠶ᠎ᠠ ᠰᠠᠷᠠᠪᠴᠢ ᠰᠢᠨ᠎ᠡ᠎ᠪᠠᠷ ᠪᠠᠶ᠋ᠢᠭᠤᠯᠬᠤ᠂ ᠲᠠᠯ᠎ᠠ ᠨᠤᠲᠤᠭ᠎ᠤᠨ ᠮᠠᠯᠵᠢᠬᠤ ᠣᠷᠣᠨ᠎ᠤ 《ᠭᠤᠷᠪᠠ ᠵᠢ ᠬᠤᠪᠢᠷᠠᠭᠤᠯᠬᠤ》 ᠥᠭᠡᠷᠡᠴᠢᠯᠡᠯᠲᠡ ᠵᠢ ᠠᠬᠢᠭᠤᠯᠬᠤ ᠪᠠ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠬᠥᠭᠵᠢᠯᠲᠡ ᠵᠢᠨ 10 ᠵᠦᠢ᠍ᠯ᠎ᠤᠨ ᠵᠠᠭᠪᠤᠷ᠎ᠢ ᠳᠡᠯᠭᠡᠷᠡᠭᠦᠯᠬᠦ᠎ᠪᠠᠷ ᠳᠠᠮᠵᠢᠭᠤᠯᠤᠨ᠂ ᠪᠡᠯᠡᠳᠬᠡᠮᠵᠢᠲᠦ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠬᠡᠪᠴᠢᠶ᠎ᠡ ᠵᠢ ᠥᠷᠭᠡᠳᠬᠡᠵᠦ᠂ ᠨᠤᠲᠤᠭ ᠪᠡᠯᠴᠢᠭᠡᠷ ᠳᠡᠭᠡᠷ᠎ᠡ ᠮᠡᠯᠵᠢᠬᠤ ᠮᠠᠯ᠎ᠤᠨ ᠲᠤᠭ᠎ᠠ ᠵᠢ ᠦᠨᠡᠨ ᠬᠦ᠌ ᠪᠠᠭ᠋ᠠᠰᠬᠠᠨ᠎ᠠ᠃ ᠭᠤᠷᠪᠠ᠎ᠳᠤ᠂ 《ᠡᠪᠡᠰᠦᠨ᠎ᠤ ᠢᠷᠡᠯᠲᠡ》 ᠵᠢᠨ ᠠᠰᠠᠭᠤᠳᠠᠯ᠎ᠢ ᠰᠢᠢ᠍ᠳᠪᠦᠷᠢᠯᠡᠬᠦ ᠵᠢ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠭᠤᠣᠯ ᠭᠠᠷᠴᠠ ᠪᠣᠯᠭ᠋ᠠᠨ᠎ᠠ᠃ ᠲᠠᠷᠢᠮᠠᠯ ᠪᠡᠯᠴᠢᠭᠡᠷ᠎ᠢ ᠬᠥᠭᠵᠢᠭᠦᠯᠬᠦ᠂ ᠡᠰᠢ ᠰᠦᠷᠡᠯ᠎ᠢ ᠪᠣᠷᠳᠤᠭ᠎ᠠ ᠪᠣᠯᠭ᠋ᠠᠬᠤ ᠲᠦᠪᠰᠢᠨ᠎ᠢ ᠳᠡᠭᠡᠭᠰᠢᠯᠡᠭᠦᠯᠬᠦ ᠪᠠ ᠡᠪᠡᠰᠦ ᠪᠣᠷᠳᠤᠭ᠎ᠠ ᠵᠢ ᠬᠠᠳᠠᠭ᠋ᠠᠯᠠᠵᠤ ᠵᠥᠭᠡᠭᠡᠪᠦᠷᠢᠯᠡᠬᠦ ᠲᠣᠭᠲᠠᠯᠴᠠᠭ᠎ᠠ ᠵᠢ ᠪᠦᠷᠢᠨᠰᠢᠭᠦᠯᠬᠦ ᠵᠡᠷᠭᠡ ᠣᠯᠠᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠮᠠᠨ᠎ᠤ ᠣᠷᠣᠨ᠎ᠤ ᠡᠪᠡᠰᠦ ᠪᠣᠷᠳᠣᠭ᠋ᠠᠨ᠎ᠤ ᠬᠠᠩᠭ᠋ᠠᠯᠭ᠎ᠠ ᠵᠢᠨ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠦ᠂ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠪᠠᠶ᠋ᠢᠭ᠋ᠠᠯᠢᠯᠢᠭ ᠨᠤᠲᠤᠭ ᠪᠡᠯᠴᠢᠭᠡᠷ᠎ᠲᠤ ᠬᠡᠲᠦ ᠲᠦᠰᠢᠭᠯᠡᠳᠡᠭ ᠠᠰᠠᠭᠤᠳᠠᠯ᠎ᠢ ᠰᠢᠢ᠍ᠳᠪᠦᠷᠢᠯᠡᠨ᠎ᠡ᠃ ᠳᠥᠷᠪᠡ᠎ᠳᠤ᠂ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠭᠠᠷᠳᠠᠴᠠ ᠪᠣᠯᠭ᠋ᠠᠨ᠎ᠠ᠃ ᠰᠢᠯᠢᠳᠡᠭ ᠮᠠᠯ᠎ᠢ ᠰᠣᠩᠭᠤᠨ ᠪᠣᠶ᠋ᠢᠵᠢᠭᠤᠯᠵᠤ ᠲᠥᠭᠡᠮᠡᠯᠵᠢᠯᠡᠭᠦᠯᠬᠦ᠂ ᠰᠢᠨᠵᠢᠯᠡᠬᠦ ᠤᠬᠠᠭ᠋ᠠᠨᠴᠢ᠎ᠪᠠᠷ ᠮᠠᠯᠵᠢᠬᠤ ᠮᠡᠷᠭᠡᠵᠢᠯ᠎ᠤᠨ ᠪᠣᠯᠪᠠᠰᠤᠷᠠᠯ ᠪᠠ ᠮᠠᠯ᠎ᠤᠨ ᠠᠰᠢᠭ ᠰᠢᠮ᠎ᠡ ᠵᠢᠨ ᠨᠠᠷᠠᠲᠤ ᠲᠥᠷᠥᠯ ᠲᠡᠮᠳᠡᠭᠲᠦ ᠪᠠᠶ᠋ᠢᠭᠤᠯᠬᠤ ᠵᠡᠷᠭᠡ ᠣᠯᠠᠨ ᠵᠦᠢ᠍ᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ᠎ᠪᠠᠷ ᠳᠠᠮᠵᠢᠭᠤᠯᠤᠨ᠂ ᠲᠠᠷᠢᠮᠠᠯ᠎ᠢ ᠲᠡᠵᠢᠭᠡᠪᠦᠷᠢ᠎ᠳᠤ ᠬᠡᠷᠡᠭᠯᠡᠬᠦ ᠨᠣᠷᠮ᠎ᠠ ᠪᠠ ᠮᠠᠯ ᠪᠦᠷᠢ ᠵᠢᠨ ᠮᠢᠬ᠎ᠠ ᠭᠠᠷᠬᠤ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠨᠢ ᠣᠯᠠᠨ ᠲᠡᠵᠢᠭᠡᠵᠦ ᠪᠠᠶ᠋ᠢᠭᠰᠠᠨ᠎ᠠᠴᠠ ᠮᠦᠩᠭᠦ ᠢᠯᠡᠭᠦᠦ ᠣᠯᠬᠤ ᠲᠡᠶ᠋ᠢᠰᠢ ᠬᠤᠪᠢᠷᠠᠭᠤᠯᠤᠨ᠎ᠠ᠃ ᠲᠠᠪᠤ᠎ᠳᠤ᠂ ᠨᠤᠲᠤᠭ ᠪᠡᠯᠴᠢᠭᠡᠷ᠎ᠢ ᠬᠢᠨᠡᠨ ᠬᠠᠮᠢᠶᠠᠷᠬᠤ ᠲᠦᠪᠰᠢᠨ ᠵᠶ᠋ᠠᠨ ᠳᠡᠭᠡᠭᠰᠢᠯᠡᠭᠦᠯᠬᠦ ᠵᠢ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠠᠷᠭ᠎ᠠ ᠪᠣᠯᠭ᠋ᠠᠨ᠎ᠠ᠃ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠵᠢ ᠦᠨᠡᠯᠡᠬᠦ ᠭᠦᠢ᠍ᠴᠡᠳᠬᠡᠯ ᠲᠣᠭ᠋ᠠᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠬᠦ᠎ᠪᠠᠷ ᠳᠠᠮᠵᠢᠭᠤᠯᠤᠨ᠂ ᠡᠬᠢ ᠪᠠᠶᠠᠯᠢᠭ᠎ᠢ ᠠᠰᠢᠭᠯᠠᠬᠤ ᠬᠤᠷᠢᠭ᠎ᠠ ᠱᠤᠭᠤᠮ᠎ᠢ ᠲᠣᠳᠣᠷᠬᠠᠶ᠋ᠢᠯᠠᠵᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠵᠢ ᠬᠢᠨᠡᠨ ᠬᠠᠮᠢᠶᠠᠷᠬᠤ᠎ᠪᠠᠨ ᠨᠡᠩ ᠴᠢᠩᠭ᠋ᠠᠳᠬᠠᠨ᠎ᠠ᠃
    ᠲᠤᠷᠰᠢᠯᠲᠠ ᠵᠢᠨ ᠴᠡᠭ᠎ᠤᠨ ᠠᠵᠢᠯ᠎ᠢ ᠡᠬᠢᠯᠡᠭᠦᠯᠦᠭᠰᠡᠨ᠎ᠤ ᠳᠠᠷᠠᠭ᠎ᠠ᠂ ᠡᠯ᠎ᠡ ᠭᠠᠵᠠᠷ ᠨᠠᠷᠢᠨ ᠲᠠᠩᠰᠠᠲᠤ᠂ ᠲᠦᠰᠦᠯᠲᠦ ᠬᠠᠮᠢᠶᠠᠷᠤᠯᠲᠠ ᠵᠢ ᠬᠡᠷᠡᠭᠵᠢᠭᠦᠯᠵᠦ᠂ ᠲᠥᠯᠥᠪᠯᠡᠭᠡ ᠵᠢᠨ ᠳᠠᠭ᠋ᠠᠤ ᠠᠵᠢᠯᠯᠠᠬᠤ᠂ ᠬᠦᠰᠦᠨᠦᠭᠴᠢᠯᠡᠨ ᠠᠬᠢᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠵᠦ᠂ ᠲᠤᠷᠰᠢᠯᠲᠠ ᠵᠢᠨ ᠴᠡᠭ᠎ᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ ᠪᠠᠶ᠋ᠢᠬᠤ ᠵᠢᠨ ᠬᠠᠮᠲᠤ ᠨᠢᠭᠡ ᠪᠦᠯᠦᠭ ᠳᠡᠯᠭᠡᠷᠡᠭᠦᠯᠵᠦ᠂ ᠳᠠᠭᠤᠷᠢᠶᠠᠵᠤ ᠪᠣᠯᠬᠤᠶ᠋ᠢᠴᠠ ᠥᠪᠥᠷ ᠮᠣᠩᠭᠤᠯ᠎ᠤᠨ ᠲᠠᠯ᠎ᠠ ᠨᠤᠲᠤᠭ᠎ᠤᠨ ᠮᠠᠯᠵᠢᠬᠤ ᠣᠷᠣᠨ᠎ᠤ ᠬᠥᠭᠵᠢᠯᠲᠡ ᠵᠢᠨ ᠪᠣᠳᠠᠲᠤ ᠪᠠᠶ᠋ᠢᠳᠠᠯ᠎ᠳᠤ ᠨᠡᠶ᠋ᠢᠴᠡᠬᠦ ᠠᠮᠵᠢᠯᠲᠠᠲᠠᠢ ᠲᠤᠷᠰᠢᠯᠭ᠎ᠠ ᠪᠠ ᠵᠠᠭᠪᠤᠷ᠎ᠢ ᠪᠣᠶ ᠪᠣᠯᠭ᠋ᠠᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠤᠲᠠ᠎ᠳᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ ᠨᠢᠭᠡ ᠨᠡᠮᠡᠭᠳᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠡᠵᠡᠮᠳᠡᠭᠰᠡᠨ ᠰᠢᠪᠲᠤᠯᠤᠯᠲᠠ ᠵᠢᠨ ᠠᠵᠢᠯᠯᠠᠭ᠎ᠠ ᠵᠢᠨ ᠮᠤᠵᠢ ᠵᠢᠨ ᠲᠠᠰ᠎ᠤᠨ ᠲᠡᠷᠢᠭᠦᠨ᠎ᠤ ᠨᠢᠭᠡᠴᠡ᠎ᠪᠠᠷ ᠦᠨᠡᠯᠡᠭᠳᠡᠪᠡ
ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ (ᠵᠢᠷᠭᠤᠳᠤᠭ᠋ᠠᠷ ᠪᠦᠯᠦᠭ) ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠪᠡᠯᠡᠳᠬᠡᠯ)᠎ᠤᠨ ᠦᠷ᠎ᠡ ᠪᠦᠲᠦᠭᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ 《ᠭᠤᠷᠪᠠ ᠵᠢ ᠪᠠᠷᠢᠮᠳᠠᠯᠠᠵᠦ》᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠯᠤᠰ᠎ᠤᠨ ᠭᠤᠤᠯᠳᠠᠯᠭ᠎ᠠ᠎ᠲᠠᠢ ᠤᠢ᠌ᠲᠤ ᠤᠷᠤᠨ᠎ᠤ ᠣᠶ ᠮᠣᠳᠣ ᠣᠭᠲᠣᠯᠬᠤ ᠵᠥᠪᠰᠢᠶᠡᠷᠡᠯ᠎ᠤᠨ ᠠᠵᠢᠯ᠎ᠢ ᠰᠠᠶ᠋ᠢᠲᠤᠷ ᠬᠢᠵᠦ ᠪᠤᠢ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠨ ᠵᠢᠯ᠎ᠤᠨ ᠠᠶᠠᠨ᠎ᠳᠤ ᠤᠭ ᠰᠠᠨᠠᠭ᠎ᠠ᠎ᠪᠠᠨ ᠦᠯᠦ ᠮᠡᠷᠲᠡᠬᠤ》 2023 ᠣᠨ᠎ᠤ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
 
             蒙ICP备05000248号