ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠡᠵᠡᠮᠳᠡᠭᠰᠡᠨ ᠰᠢᠪᠲᠤᠯᠤᠯᠲᠠ ᠵᠢᠨ ᠠᠵᠢᠯᠯᠠᠭ᠎ᠠ ᠵᠢᠨ ᠮᠤᠵᠢ ᠵᠢᠨ ᠲᠠᠰ᠎ᠤᠨ ᠲᠡᠷᠢᠭᠦᠨ᠎ᠤ ᠨᠢᠭᠡᠴᠡ᠎ᠪᠠᠷ ᠦᠨᠡᠯᠡᠭᠳᠡᠪᠡ
ᠨᠡᠶ᠋ᠢᠲᠡᠯᠡᠭᠰᠡᠨ ᠴᠠᠭ᠄ 2024-01-23

      ᠣᠶ᠋ᠢᠷ᠎ᠠ᠎ᠳᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠨᠠᠷᠠᠰᠤᠨ  ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠤ ᠬᠢᠵᠢᠭ᠎ᠢ ᠰᠡᠷᠭᠡᠶ᠋ᠢᠯᠡᠨ ᠡᠵᠡᠮᠳᠡᠭᠰᠡᠨ ᠲᠡᠷᠢᠭᠦᠨ᠎ᠤ ᠨᠢᠭᠡᠴᠡ ᠵᠢ ᠰᠠᠶ᠋ᠢᠰᠢᠶᠠᠬᠤ ᠲᠤᠬᠠᠶ ᠮᠡᠳᠡᠭᠳᠡᠯ》 (ᠣᠶ ᠰᠢᠭᠤᠶ ᠡᠭᠦᠰᠬᠦ [2023]119  ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠤ ᠬᠢᠵᠢᠭ᠎ᠢ ᠰᠡᠷᠭᠡᠶ᠋ᠢᠯᠡᠨ ᠡᠵᠡᠮᠳᠡᠭᠰᠡᠨ ᠢᠯᠡᠷᠡᠯ ᠲᠣᠪᠣᠶ᠋ᠢᠮ᠎ᠠ ᠪᠠᠶ᠋ᠢᠭ᠎ᠠ 10 ᠮᠤᠵᠢ ᠵᠢᠨ ᠱᠠᠲᠤᠨ᠎ᠤ ᠲᠡᠷᠢᠭᠦᠨ᠎ᠤ ᠨᠢᠭᠡᠴᠡ ᠪᠠ 200 ᠬᠣᠲᠠ ᠰᠢᠶᠠᠨ᠎ᠤ ᠱᠠᠲᠤᠨ᠎ᠤ ᠲᠡᠷᠢᠭᠦᠨ᠎ᠤ ᠨᠢᠭᠡᠴᠡ ᠵᠢ ᠵᠠᠷᠯᠠᠨ ᠰᠠᠶ᠋ᠢᠰᠢᠶᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠮᠤᠵᠢ ᠵᠢᠨ ᠲᠠᠰ᠎ᠤᠨ ᠲᠡᠷᠢᠭᠦᠨ᠎ᠤ ᠨᠢᠭᠡᠴᠡ᠎ᠪᠠᠷ ᠦᠨᠡᠯᠡᠭᠳᠡᠵᠦ᠂ ᠲᠦᠩᠯᠢᠶᠣᠤ ᠬᠣᠲᠠ ᠵᠢᠨ ᠣᠶ ᠰᠢᠭᠤᠶ ᠵᠢᠨ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠥᠷᠲᠡᠭᠡ᠂ ᠪᠤᠭᠤᠲᠤ ᠬᠣᠲᠠ ᠵᠢᠨ ᠣᠶ ᠰᠢᠭᠤᠶ  ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠬᠢᠵᠠᠭ᠋ᠠᠷᠯᠠᠬᠤ ᠲᠥᠪ᠂ ᠠᠤᠬᠠᠨ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠠ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠶᠡᠷᠦᠩᠬᠡᠶ ᠥᠷᠲᠡᠭᠡ᠎ᠨᠢ ᠬᠣᠲᠠ ᠰᠢᠶᠠᠨ᠎ᠤ ᠲᠠᠰ᠎ᠤᠨ ᠲᠡᠷᠢᠭᠦᠨ᠎ᠤ ᠨᠢᠭᠡᠴᠡ᠎ᠪᠠᠷ ᠦᠨᠡᠯᠡᠭᠳᠡᠪᠡ᠃ ᠨᠠᠷᠠᠰᠤᠨ ᠮᠣᠳᠣᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠪᠣᠭᠣᠮᠲᠠ ᠰᠢᠪᠲᠤᠯᠬᠤ ᠠᠵᠢᠯᠯᠠᠭ᠎ᠠ 2021 ᠣᠨ᠎ᠳᠤ ᠡᠬᠢᠯᠡᠭᠰᠡᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠰᠡᠷᠭᠡᠶ᠋ᠢᠯᠡᠬᠦ᠎ᠪᠠᠷ ᠭᠤᠤᠯ ᠪᠣᠯᠭ᠋ᠠᠬᠤ᠂ ᠵᠠᠰᠠᠬᠤ᠎ᠪᠠᠷ ᠭᠣᠣᠯ ᠪᠣᠯᠭ᠋ᠠᠬᠤ᠂ ᠬᠢᠨᠠᠨ ᠬᠠᠮᠢᠶᠠᠷᠬᠤ ᠵᠢ ᠴᠢᠬᠤᠯᠠᠴᠢᠯᠠᠬᠤ》 ᠰᠡᠷᠭᠡᠶ᠋ᠢᠯᠡᠨ ᠡᠵᠡᠮᠳᠡᠬᠦ ᠣᠶ᠋ᠢᠯᠠᠭ᠋ᠠᠭᠳᠠᠬᠤᠨ᠂ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠬᠢᠨᠠᠨ ᠰᠢᠯᠭ᠋ᠠᠯᠲᠠ᠎ᠪᠠᠷ ᠭᠠᠷᠳᠠᠴᠠ ᠪᠣᠯᠭ᠋ᠠᠬᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠪᠠ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠵᠠᠰᠠᠬᠤ ᠵᠢ ᠦᠷᠭᠦᠯᠵᠢᠯᠡᠨ ᠴᠢᠩᠭ᠋ᠠᠳᠬᠠᠵᠤ᠂ ᠡᠳᠦᠷ ᠲᠤᠲᠤᠮ᠎ᠤᠨ ᠬᠢᠨᠠᠨ ᠬᠡᠮᠵᠢᠯᠲᠡ᠂ ᠨᠠᠮᠤᠷ᠎ᠤᠨ ᠤᠯᠠᠷᠢᠯ᠎ᠤᠨ ᠨᠡᠶ᠋ᠢᠳᠡᠮ ᠪᠠᠶ᠋ᠢᠴᠠᠭ᠋ᠠᠯᠲᠠ ᠪᠠ 《ᠨᠠᠷᠠᠰᠤᠨ ᠮᠣᠳᠣ ᠵᠢ ᠬᠠᠮᠠᠭ᠋ᠠᠯᠠᠬᠤ 2023》 ᠲᠤᠰᠬᠠᠶ ᠠᠵᠢᠯᠯᠠᠭ᠎ᠠ ᠵᠢ ᠯᠠᠪᠳᠠᠭᠤᠨ ᠪᠠᠲᠤᠲᠠᠶ ᠦᠷᠨᠢᠬᠦᠯᠵᠦ᠂ ᠮᠣᠳᠣᠨ᠎ᠤ ᠠᠵᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠮᠢᠶᠠᠷᠤᠯᠲᠠ ᠪᠣᠯᠤᠨ ᠬᠢᠵᠢᠭ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠵᠤ᠂ ᠪᠥᠬᠥ ᠵᠢᠯ᠎ᠳᠤ ᠨᠠᠷᠠᠰᠤᠨ ᠣᠶ ᠵᠢᠨ ᠬᠢᠨᠠᠨ ᠬᠡᠮᠵᠢᠯᠲᠡ ᠵᠢ ᠨᠡᠶ᠋ᠢᠲᠡ 2444 . 73 ᠲᠦᠮᠡᠨ ᠮᠥ᠍ ᠪᠡᠶᠡᠯᠡᠭᠦᠯᠪᠡ᠂  ᠦᠬᠦᠰᠢᠷᠡᠭᠰᠡᠨ ᠨᠠᠷᠠᠰᠤᠨ ᠮᠣᠳᠣ 21037 ᠰᠠᠭᠤᠷᠢ᠂ ᠦᠯᠢᠭᠡᠷ ᠠᠪᠤᠭᠰᠠᠨ᠎ᠨᠢ 911 ᠬᠤᠪᠢ᠂ 5334 ᠮᠣᠳᠣᠨ᠎ᠤ ᠠᠵᠦ ᠦᠢ᠍ᠯᠡᠰ᠎ᠤᠨ ᠠᠵᠤ ᠠᠬᠤᠶ᠋ᠢᠯᠠᠯ ᠵᠢᠴᠢ ᠬᠤᠪᠢ ᠬᠥᠮᠦᠨ᠎ᠢ ᠪᠠᠶ᠋ᠢᠴᠠᠭ᠋ᠠᠨ ᠳᠠᠩᠰᠠᠯᠠᠵᠤ᠂ ᠨᠠᠷᠠᠰᠤᠨ ᠣᠶ ᠵᠢ ᠬᠢᠨᠠᠨ ᠬᠡᠮᠵᠢᠬᠦ ᠪᠦᠷᠬᠦᠴᠡ ᠵᠢᠨ ᠨᠣᠷᠮ᠎ᠠ 100 %᠎ᠳᠤ ᠬᠦᠷᠪᠡ᠃ ᠨᠠᠷᠠᠰᠤᠨ ᠮᠣᠳᠣᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠤ ᠲᠠᠪᠤᠨ ᠵᠢᠯ᠎ᠤᠨ ᠰᠢᠪᠲᠤᠯᠤᠯᠲᠠ ᠵᠢᠨ ᠠᠵᠢᠯᠯᠠᠭ᠎ᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠪᠥᠬᠥ ᠣᠷᠣᠨ᠎ᠤ ᠣᠶ ᠰᠢᠭᠤᠶ ᠵᠢᠨ ᠡᠬᠢ ᠪᠠᠶᠠᠯᠢᠭ᠎ᠤᠨ ᠠᠮᠤᠷ ᠲᠦᠪᠰᠢᠨ ᠪᠠ ᠠᠮᠢ ᠠᠬᠤᠶ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠪᠠ᠃
        ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠣᠷᠣᠨ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠰᠢᠭᠤᠢ ᠵᠢᠨ ᠳᠠᠷᠤᠭ᠎ᠠ ᠵᠢᠨ ᠲᠦᠷᠢᠮ ᠵᠶ᠋ᠠᠷ ᠭᠠᠷᠳᠠᠴᠠ ᠪᠣᠯᠭ᠋ᠠᠨ᠂ ᠴᠢᠩᠭ᠎ᠠ ᠰᠡᠷᠭᠡᠶ᠋ᠢᠯᠡᠨ ᠰᠠᠬᠢᠬᠤ ᠶᠡᠷᠦᠩᠬᠡᠶ ᠬᠥᠭ ᠠᠶᠠᠰ᠎ᠢ ᠭᠤᠶ᠋ᠢᠪᠢᠰᠢ ᠥᠬᠡᠶ ᠪᠠᠷᠢᠮᠲᠠᠯᠠᠵᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠤ ᠬᠢᠵᠢᠭ᠎ᠤᠨ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠡᠵᠡᠮᠳᠡᠬᠦ ᠲᠤᠬᠠᠶ ᠵᠢᠯᠣᠭᠣᠳᠬᠤ ᠰᠠᠨᠠᠯ》᠂ 《ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠵᠠᠰᠠᠬᠤ ᠮᠡᠷᠭᠡᠵᠢᠯ᠎ᠤᠨ ᠲᠥᠰᠦᠯ》᠂ 《ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠲᠠᠪᠤᠨ ᠵᠢᠯ᠎ᠤᠨ ᠰᠢᠪᠲᠤᠯᠤᠯᠲᠠ ᠵᠢᠨ ᠠᠵᠢᠯᠯᠠᠭ᠎ᠠ ᠵᠢᠨ ᠲᠥᠯᠥᠪᠯᠡᠭᠡ》 ᠵᠢ ᠴᠢᠩᠭ᠎ᠠ ᠬᠡᠷᠡᠭᠵᠢᠭᠦᠯᠵᠦ᠂ ᠡᠳᠦᠷ ᠲᠤᠲᠤᠮ᠎ᠤᠨ ᠬᠢᠨᠠᠨ ᠬᠡᠮᠵᠢᠯᠲᠡ ᠪᠠ ᠨᠠᠮᠤᠷ᠎ᠤᠨ ᠤᠯᠠᠷᠢᠯ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠪᠣᠳᠠᠲᠠᠶ ᠪᠥᠭᠡᠳ ᠨᠠᠷᠢᠯᠢᠭ ᠬᠢᠵᠦ᠂ ᠬᠢᠵᠢᠭ ᠪᠠᠶ᠋ᠢᠴᠠᠭ᠋ᠠᠵᠤ ᠳᠠᠬᠢᠨ ᠪᠠᠶ᠋ᠢᠴᠠᠭ᠋ᠠᠬᠤ ᠵᠢ ᠴᠢᠩᠭ᠋ᠠᠷᠠᠭᠤᠯᠤᠨ᠂ ᠬᠢᠵᠢᠭ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠬᠦᠨᠦᠭᠡᠯ᠎ᠢ ᠰᠡᠷᠭᠡᠢ᠌ᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ (ᠵᠢᠷᠭᠤᠳᠤᠭ᠋ᠠᠷ ᠪᠦᠯᠦᠭ) ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠪᠡᠯᠡᠳᠬᠡᠯ)᠎ᠤᠨ ᠦᠷ᠎ᠡ ᠪᠦᠲᠦᠭᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ 《ᠭᠤᠷᠪᠠ ᠵᠢ ᠪᠠᠷᠢᠮᠳᠠᠯᠠᠵᠦ》᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠯᠤᠰ᠎ᠤᠨ ᠭᠤᠤᠯᠳᠠᠯᠭ᠎ᠠ᠎ᠲᠠᠢ ᠤᠢ᠌ᠲᠤ ᠤᠷᠤᠨ᠎ᠤ ᠣᠶ ᠮᠣᠳᠣ ᠣᠭᠲᠣᠯᠬᠤ ᠵᠥᠪᠰᠢᠶᠡᠷᠡᠯ᠎ᠤᠨ ᠠᠵᠢᠯ᠎ᠢ ᠰᠠᠶ᠋ᠢᠲᠤᠷ ᠬᠢᠵᠦ ᠪᠤᠢ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠨ ᠵᠢᠯ᠎ᠤᠨ ᠠᠶᠠᠨ᠎ᠳᠤ ᠤᠭ ᠰᠠᠨᠠᠭ᠎ᠠ᠎ᠪᠠᠨ ᠦᠯᠦ ᠮᠡᠷᠲᠡᠬᠤ》 2023 ᠣᠨ᠎ᠤ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠬᠥᠬᠡᠬᠣᠲᠠ ᠵᠢᠨ ᠠᠩᠬᠠᠳᠠᠭᠴᠢ CCER ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢ᠍ᠯ᠎ᠤᠨ ᠠᠷᠠᠯᠵᠢᠶ᠎ᠠ ᠤᠷᠤᠭᠰᠢᠲᠠᠶ ᠭᠡᠷ᠎ᠡ ᠲᠣᠭᠲᠠᠪᠠ
ᠨᠡᠮᠡᠭᠳᠡᠭᠡᠳ242 ᠵᠦᠢ᠍ᠯ ᠪᠣᠯᠵᠠᠢ
 
             蒙ICP备05000248号