ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ (ᠵᠢᠷᠭᠤᠳᠤᠭ᠋ᠠᠷ ᠪᠦᠯᠦᠭ) ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠪᠡᠯᠡᠳᠬᠡᠯ)᠎ᠤᠨ ᠦᠷ᠎ᠡ ᠪᠦᠲᠦᠭᠡᠯ
ᠨᠡᠶ᠋ᠢᠲᠡᠯᠡᠭᠰᠡᠨ ᠴᠠᠭ᠄ 2024-01-23

  
     ᠶᠡᠷᠦᠩᠬᠡᠢ ᠱᠦᠵᠢ ᠰᠢ ᠵᠢᠨ ᠫᠢᠩ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠥᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠪᠡᠯᠡᠳᠬᠡᠯ)  ᠰᠢᠯᠢᠳᠡᠭ ᠰᠠᠢ᠌ᠨ ᠠᠷᠭ᠎ᠠ ᠪᠤᠳᠤᠯᠭ᠎ᠠ ᠵᠢ ᠥᠷᠭᠡᠨ ᠵᠶ᠋ᠠᠷ ᠴᠤᠭᠯᠠᠭᠤᠯᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠷᠭᠤᠮᠠᠯ ᠰᠤᠳᠤᠯᠬᠤ ᠭᠠᠵᠠᠷ᠂ ᠪᠡᠭᠡᠵᠢᠩ᠎ᠤᠨ ᠤᠢ ᠰᠢᠭᠤᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠡᠷᠭᠡ 47 ᠬᠠᠮᠳᠤᠪᠡᠷ ᠪᠠᠶ᠋ᠢᠭᠤᠯᠬᠤ ᠨᠢᠭᠡᠴᠢ᠎ᠠᠴᠠ 167 ᠵᠦᠢ᠍ᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠬᠠᠮᠢᠶ᠎ᠠ ᠪᠦᠬᠦᠢ ᠮᠡᠷᠭᠡᠵᠢᠯ᠎ᠤᠨ ᠦᠷ᠎ᠡ ᠪᠦᠲᠦᠭᠡᠯ᠎ᠢ ᠴᠤᠭᠯᠠᠭᠤᠯᠵᠤ᠂ ᠰᠢᠭᠰᠢᠨ ᠰᠣᠩᠭᠣᠵᠤ᠂ ᠤᠮᠠᠷᠠᠲᠤ ᠵᠢᠨ ᠭᠤᠷᠪᠠᠨ ᠣᠷᠣᠨ᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠮᠡᠷᠭᠡᠵᠢᠯ᠎ᠤᠨ ᠳᠡᠮᠵᠢᠯᠭᠡ ᠬᠠᠩᠭ᠋ᠠᠪᠠ᠃
      ᠤᠳᠤ 167 ᠵᠦᠢ᠍ᠯ᠎ᠤᠨ ᠮᠡᠷᠭᠡᠵᠢᠯ᠎ᠤᠨ ᠦᠷ᠎ᠡ ᠪᠦᠲᠦᠭᠡᠯ᠎ᠢ ᠢᠯᠡ᠎ᠪᠠᠷ ᠨᠡᠶ᠋ᠢᠲᠡᠯᠡᠪᠡ᠂ ᠦᠢ᠍ᠯᠡᠳᠪᠦᠷᠢᠯᠡᠯ᠎ᠤᠨ ᠨᠢᠭᠡᠴᠡ ᠬᠡᠷᠪᠡ ᠡᠳᠡᠭᠡᠷ ᠮᠡᠷᠭᠡᠵᠢᠯ᠎ᠢ ᠬᠡᠷᠡᠭᠰᠡᠬᠦ᠎ᠳᠤ ᠬᠦᠷᠪᠡᠯ᠂ ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠪᠡᠯᠡᠳᠬᠡᠯ)᠎ᠲᠠᠢ ᠬᠠᠷᠢᠯᠴᠠᠭ᠋ᠠᠷᠠᠢ᠃ ᠡᠭᠦᠨ᠎ᠤ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠶᠡᠬᠡ ᠳᠡᠭᠡᠳᠦ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ᠎ᠬᠢᠨ ᠰᠢᠯᠢᠳᠡᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠮᠡᠳᠡᠭᠡ ᠵᠠᠩᠭᠢ᠎ᠪᠠᠨ ᠪᠢᠳᠡᠨ᠎ᠳᠤ ᠬᠠᠩᠭ᠋ᠠᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ᠂ ᠮᠠᠨ᠎ᠤ ᠲᠣᠪᠴᠢᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ ᠵᠢ ᠬᠠᠪᠰᠤᠷᠤᠨ ᠠᠬᠢᠭᠤᠯᠵᠤ᠂ ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠬᠥᠭᠵᠢᠯᠲᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
 

      ᠳᠠᠭ᠋ᠠᠯᠳᠤᠭᠤᠯᠤᠯ᠄ ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠪᠡᠯᠡᠳᠬᠡᠯ)᠎ᠢ ᠬᠠᠮᠲᠤᠪᠠᠷ ᠪᠠᠢ᠌ᠭᠤᠯᠬᠤ ᠨᠢᠭᠡᠴᠡ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠰᠠᠨ ᠦᠷ᠎ᠡ ᠪᠦᠲᠦᠭᠡᠯ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ 《ᠭᠤᠷᠪᠠ ᠵᠢ ᠪᠠᠷᠢᠮᠳᠠᠯᠠᠵᠦ》᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠯᠤᠰ᠎ᠤᠨ ᠭᠤᠤᠯᠳᠠᠯᠭ᠎ᠠ᠎ᠲᠠᠢ ᠤᠢ᠌ᠲᠤ ᠤᠷᠤᠨ᠎ᠤ ᠣᠶ ᠮᠣᠳᠣ ᠣᠭᠲᠣᠯᠬᠤ ᠵᠥᠪᠰᠢᠶᠡᠷᠡᠯ᠎ᠤᠨ ᠠᠵᠢᠯ᠎ᠢ ᠰᠠᠶ᠋ᠢᠲᠤᠷ ᠬᠢᠵᠦ ᠪᠤᠢ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠨ ᠵᠢᠯ᠎ᠤᠨ ᠠᠶᠠᠨ᠎ᠳᠤ ᠤᠭ ᠰᠠᠨᠠᠭ᠎ᠠ᠎ᠪᠠᠨ ᠦᠯᠦ ᠮᠡᠷᠲᠡᠬᠤ》 2023 ᠣᠨ᠎ᠤ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠬᠥᠬᠡᠬᠣᠲᠠ ᠵᠢᠨ ᠠᠩᠬᠠᠳᠠᠭᠴᠢ CCER ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢ᠍ᠯ᠎ᠤᠨ ᠠᠷᠠᠯᠵᠢᠶ᠎ᠠ ᠤᠷᠤᠭᠰᠢᠲᠠᠶ ᠭᠡᠷ᠎ᠡ ᠲᠣᠭᠲᠠᠪᠠ
ᠨᠡᠮᠡᠭᠳᠡᠭᠡᠳ242 ᠵᠦᠢ᠍ᠯ ᠪᠣᠯᠵᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠶᠡᠷᠦᠩᠬᠡᠶ ᠥᠷᠲᠡᠭᠡ 2023 ᠣᠨ᠎ᠤ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
 
             蒙ICP备05000248号