ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠥᠬᠡᠬᠣᠲᠠ ᠵᠢᠨ ᠠᠩᠬᠠᠳᠠᠭᠴᠢ CCER ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢ᠍ᠯ᠎ᠤᠨ ᠠᠷᠠᠯᠵᠢᠶ᠎ᠠ ᠤᠷᠤᠭᠰᠢᠲᠠᠶ ᠭᠡᠷ᠎ᠡ ᠲᠣᠭᠲᠠᠪᠠ
ᠨᠡᠶ᠋ᠢᠲᠡᠯᠡᠭᠰᠡᠨ ᠴᠠᠭ᠄ 2024-01-29

  
     1 ᠰᠠᠷ᠎ᠠ ᠵᠢᠨ 24᠎ᠤ ᠡᠳᠦᠷ᠂ ᠬᠥᠬᠡᠬᠣᠲᠠ ᠵᠢᠨ ᠠᠩᠬᠠᠳᠠᠭᠴᠢ CCER ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢ᠍ᠯ᠎ᠤᠨ ᠤᠷᠢᠳᠴᠢᠯᠠᠭᠰᠠᠨ ᠠᠷᠠᠯᠵᠢᠶ᠎ᠠ᠎ᠨᠢ ᠬᠣᠷᠢᠨᠭᠡᠷ ᠰᠢᠶᠠᠨ᠎ᠳᠤ ᠤᠷᠤᠭᠰᠢᠲᠠᠶ ᠭᠡᠷ᠎ᠡ ᠲᠤᠭᠲᠠᠪᠠ᠃ ᠲᠣᠰ ᠤᠳᠠᠭ᠋ᠠᠨ᠎ᠤ ᠤᠷᠢᠳᠴᠢᠯᠠᠭᠰᠠᠨ ᠠᠷᠠᠯᠵᠢᠶᠠᠨ᠎ᠤ ᠲᠠᠯᠠᠪᠠᠶ᠎ᠨᠢ 13. 69 ᠲᠦᠮᠡᠨ ᠮᠥ᠍᠎ᠳᠤ ᠬᠦᠷᠴᠦ᠂ ᠭᠠᠳᠠᠭᠰᠢᠯᠠᠭᠤᠯᠤᠯᠲᠠ ᠵᠢ ᠪᠠᠭ᠋ᠠᠰᠬᠠᠭᠰᠠᠨ ᠬᠡᠮᠵᠢᠶ᠎ᠡ ᠵᠢ 3 ᠵᠢᠯ᠎ᠤᠨ ᠬᠤᠭᠤᠴᠠᠭ᠎ᠠ᠎ᠪᠠᠷ ᠪᠤᠳᠤᠵᠤ᠂ ᠨᠡᠭᠦᠷᠡᠰᠦᠲᠥ᠋ᠷᠥᠭᠴᠢ ᠬᠤᠷᠠᠭᠤᠯᠬᠤ ᠬᠡᠮᠵᠢᠶ᠎ᠡ᠎ᠨᠢ ᠪᠠᠷᠤᠭ 24.64 ᠲᠦᠮᠡᠨ ᠲᠣᠨ ᠪᠠᠶ᠋ᠢᠵᠤ᠂ ᠶᠡᠷᠦᠩᠬᠡᠶ ᠥᠷᠲᠡᠭ᠎ᠨᠢ 1478.52 ᠲᠦᠮᠡᠨ ᠲᠥᠭᠥᠷᠢᠭ ᠣᠷᠴᠢᠮ ᠪᠣᠯᠤᠨ᠎ᠠ᠃
      ᠬᠥᠬᠡᠬᠣᠲᠠ ᠵᠢᠨ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠎ᠤᠨ ᠨᠡᠭᠦᠷᠡᠰᠦᠲᠥ᠋ᠷᠥᠭᠴᠢ ᠬᠤᠷᠠᠭᠤᠯᠬᠤ ᠡᠬᠢ ᠪᠠᠶᠠᠯᠢᠭ ᠡᠯᠪᠡᠭ᠂ ᠶᠡᠷᠦᠩᠬᠡᠶ ᠲᠠᠯᠠᠪᠠᠶ᠎ᠨᠢ 1295.76 ᠲᠦᠮᠡᠨ ᠮᠥ᠍ ᠪᠠᠶ᠋ᠢᠵᠤ᠂ ᠤᠯᠤᠰ᠎ᠤᠨ ᠨᠤᠲᠤᠭ ᠳᠡᠪᠢᠰᠬᠡᠷ᠎ᠤᠨ ᠲᠠᠯᠠᠪᠠᠶ ᠵᠢᠨ 50.2 %᠎ᠢ ᠡᠵᠡᠯᠡᠵᠦ᠂ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠬᠤᠷᠠᠭᠤᠯᠬᠤ ᠡᠬᠢ ᠪᠠᠶᠠᠯᠢᠭ᠎ᠤᠨ ᠬᠠᠳᠠᠭ᠋ᠠᠯᠠᠭᠳᠠᠴᠠ ᠪᠠᠷᠤᠭ 6910.87 ᠲᠦᠮᠡᠨ ᠲᠣᠨ ᠪᠠᠶ᠋ᠢᠵᠤ᠂ ᠠᠮᠢ ᠠᠬᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠬᠡᠲᠦ ᠵᠢᠨ ᠲᠥᠯᠥᠪ ᠥᠷᠭᠡᠨ ᠠᠭᠤᠳᠠᠮ ᠪᠠᠶ᠋ᠢᠨ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠬᠥᠬᠡᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ ᠤᠯᠤᠰ᠎ᠤᠨ 《ᠬᠤᠤᠰ ᠨᠡᠭᠦᠷᠡᠰᠦᠲᠥ᠋ᠷᠥᠭᠴᠢ》 ᠵᠢᠨ ᠬᠥᠭᠵᠢᠯᠲᠡ ᠵᠢᠨ ᠠᠵᠠ ᠲᠣᠬᠢᠶᠠᠯ᠎ᠢ ᠠᠮᠵᠢᠵᠤ᠂ ᠲᠦᠷᠢᠮ᠂ ᠠᠷᠭ᠎ᠠ ᠬᠡᠮᠵᠢᠶ᠎ᠡ᠂ ᠲᠥᠷᠥᠯ ᠵᠦᠢ᠍ᠯ ᠳᠡᠭᠡᠷ᠎ᠡ ᠬᠦᠴᠦ ᠣᠷᠣᠭᠤᠯᠵᠤ᠂ ᠬᠥᠭᠵᠢᠯᠲᠡ ᠵᠢ ᠰᠦᠪᠡᠭᠴᠢᠯᠡᠵᠦ᠂ ᠤᠷᠢᠳ ᠬᠣᠵᠢᠳ 《ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠲᠠᠪᠤᠨ ᠵᠢᠯ᠎ᠤᠨ ᠠᠵᠢᠯᠯᠠᠭ᠋ᠠᠨ᠎ᠤ ᠲᠥᠰᠦᠯ》 《ᠬᠥᠬᠡᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠬᠥᠭᠵᠢᠯᠲᠡ ᠵᠢᠨ ᠲᠥᠯᠥᠪᠵᠢᠭᠦᠯᠭᠡ》 ᠵᠢ ᠲᠣᠭᠲᠠᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠢ ᠰᠢᠰᠲ᠋ᠧᠮ᠎ᠲᠠᠢ ᠲᠥᠯᠥᠪᠯᠡᠵᠡᠶ; ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠨᠡᠭᠦᠷᠡᠰᠦᠲᠥ᠋ᠷᠥᠭᠴᠢ ᠵᠢᠨ ᠬᠠᠳᠠᠭ᠋ᠠᠯᠠᠭᠳᠠᠴᠠ ᠵᠢ ᠬᠢᠨᠠᠨ ᠰᠢᠨᠵᠢᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠵᠢᠨ ᠬᠠᠳᠠᠭ᠋ᠠᠯᠠᠭᠳᠠᠴᠠ ᠵᠢᠨ ᠰᠠᠭᠤᠷᠢ ᠲᠣᠭ᠎ᠠ ᠵᠢ ᠪᠥᠬᠥ ᠲᠠᠯ᠎ᠠ᠎ᠪᠠᠷ ᠲᠣᠳᠣᠷᠬᠠᠶ ᠤᠢ᠌ᠯᠠᠭ᠋ᠠᠪᠠ; ᠭᠤᠷᠪᠠᠨ ᠤᠮᠠᠷᠠᠲᠤ ᠵᠢᠨ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠂ ᠴᠢᠩ ᠱᠦᠶ ᠾᠧ ᠰᠢᠶᠠᠨ᠎ᠤ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠲᠤᠷᠰᠢᠯᠲᠠ ᠵᠢᠨ ᠴᠡᠭ᠎ᠤᠨ ᠲᠦᠷᠦᠯ ᠵᠦᠢ᠍ᠯ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠤᠨ ᠲᠦᠭᠰᠢᠭᠦᠷᠢ᠎ᠲᠠᠢ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ  ᠵᠦᠢ᠍ᠯ ᠵᠡᠷᠭᠡ ᠴᠢᠬᠤᠯᠠ ᠶᠡᠬᠡ ᠣᠶ ᠰᠢᠭᠤᠶ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠢᠳᠡᠪᠬᠢᠲᠡᠶ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠵᠢ  ᠬᠤᠷᠠᠭᠤᠯᠬᠤ ᠴᠢᠳᠠᠪᠤᠷᠢ ᠵᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠬᠦᠯᠪᠡ᠃
       ᠲᠠᠷᠠᠭ᠋ᠠᠴᠢ ᠵᠢᠨ ᠠᠯᠬᠤᠮ᠎ᠳᠤ᠂ ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠣᠷᠢᠨᠭᠡᠷ ᠰᠢᠶᠠᠨ᠎ᠢ ᠵᠣᠬᠢᠶᠠᠨ ᠪᠠᠢ᠌ᠭᠤᠯᠵᠤ᠂ ᠤᠷᠢᠳᠴᠢᠯᠠᠭᠰᠠᠨ ᠠᠷᠠᠯᠵᠢᠶᠠᠨ᠎ᠤ ᠭᠡᠷ᠎ᠡ  ᠲᠣᠭᠲᠠᠬᠤ  ᠲᠦᠷᠦᠯ ᠵᠦᠢ᠍ᠯ᠎ᠤᠨ ᠵᠦᠪᠳᠡᠯᠡᠯᠴᠡᠭᠡᠷ ᠪᠠ ᠰᠦᠯᠵᠢᠶᠡᠨ ᠠᠷᠠᠯᠵᠢᠶ᠎ᠡ ᠵᠢ ᠠᠯᠢ ᠲᠦᠷᠭᠡᠨ ᠵᠶ᠋ᠡᠷ ᠪᠡᠶᠡᠯᠡᠬᠦᠯᠦᠨ᠎ᠡ᠃ ᠬᠣᠷᠢᠨᠭᠡᠷ ᠰᠢᠶᠠᠨ᠂ ᠴᠢᠩ ᠱᠦᠶ ᠾᠧ ᠰᠢᠶᠠᠨ᠎ᠤ 45 ᠲᠦᠮᠡᠨ ᠮᠥ᠍ ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠤᠷᠰᠢᠯᠲᠠ ᠵᠢᠨ ᠴᠡᠭ ᠵᠢᠴᠢ ᠪᠤᠰᠤᠳ ᠨᠥᠬᠥᠴᠡᠯ᠎ᠳᠤ ᠨᠡᠶ᠋ᠢᠴᠡᠭᠰᠡᠨ ᠭᠠᠵᠠᠷ ᠣᠷᠣᠨ᠎ᠢ ᠴᠢᠩᠭ᠎ᠠ ᠠᠩᠬᠠᠷᠴᠤ᠂ ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ  ᠵᠦᠢ᠍ᠯ᠎ᠤᠨ ᠨᠥᠭᠡᠴᠡ ᠵᠢ ᠨᠡᠮᠡᠭᠳᠡᠭᠦᠯᠦᠨ᠎ᠡ; ᠣᠷᠣᠨ ᠬᠣᠲᠠ ᠵᠢᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠠᠮᠢᠶᠠᠷᠬᠤ ᠵᠠᠭᠪᠤᠷ ᠶᠣᠰᠣᠭ᠋ᠠᠷ᠂ ᠬᠥᠬᠡᠬᠣᠲᠠ ᠵᠢᠨ ᠣᠶ ᠰᠢᠭᠤᠶ ᠵᠢᠨ ᠨᠡᠭᠦᠷᠡᠰᠦᠲᠥ᠋ᠷᠥᠭᠴᠢ ᠬᠣᠷᠠᠭᠤᠯᠬᠤ ᠠᠷᠠᠯᠵᠢᠶᠠᠨ᠎ᠤ ᠦᠢ᠍ᠯᠡᠴᠢᠯᠡᠭᠡᠨ᠎ᠤ ᠲᠥᠪ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠣᠶ ᠰᠢᠭᠤᠶ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠬᠠᠮᠢᠶᠠᠷᠤᠯᠲᠠ ᠵᠢᠨ ᠠᠵᠢᠯ᠎ᠤᠨ ᠲᠤᠭ᠋ᠠᠵᠢᠭᠤᠯᠤᠯᠳᠠ᠂ ᠪᠤᠲᠠᠲᠠᠢ᠌ᠵᠢᠭᠤᠯᠤᠯᠳᠠ ᠵᠢ ᠪᠡᠶᠡᠯᠡᠬᠦᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠨᠡᠮᠡᠭᠳᠡᠭᠡᠳ242 ᠵᠦᠢ᠍ᠯ ᠪᠣᠯᠵᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠶᠡᠷᠦᠩᠬᠡᠶ ᠥᠷᠲᠡᠭᠡ 2023 ᠣᠨ᠎ᠤ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ ᠨᠤᠲᠤᠭ ᠪᠡᠯᠴᠢᠭᠡᠷ᠎ᠢ ᠠᠮᠤᠷᠠᠭᠤᠯᠤᠨ ᠰᠡᠷᠭᠦᠭᠡᠬᠦ ᠵᠢ ᠠᠬᠢᠭᠤᠯᠵᠤ ᠪᠤᠢ
ᠰᠢᠯᠢ ᠵᠢᠨ ᠭᠤᠣᠯ ᠠᠶ᠋ᠢᠮᠠᠭ᠎ᠤᠨ ᠰᠢᠯᠢ ᠵᠢᠨ ᠭᠤᠣᠯ ᠨᠤᠭᠤ ᠭᠠᠵᠠᠷ᠎ᠤᠨ ᠬᠠᠮᠠᠭ᠋ᠠᠯᠠᠯᠲᠠ ᠦᠷᠭᠦᠯᠵᠢᠯᠡᠨ ᠰᠠᠶ᠋ᠢᠵᠢᠷᠠᠵᠤ ᠪᠠᠶ᠋ᠢᠨ᠎ᠠ
ᠮᠠᠨ᠎ᠤ ᠣᠷᠣᠨ ᠰᠢᠨᠵᠢᠯᠡᠬᠦ ᠤᠬᠠᠭ᠋ᠠᠨᠴᠢ ᠬᠠᠮᠠᠭ᠋ᠠᠯᠠᠯᠲᠠ ᠬᠠᠮᠢᠶᠠᠷᠤᠯᠲᠠ᠎ᠪᠠᠷ ᠨᠤᠲᠤᠭ ᠪᠡᠯᠴᠢᠭᠡᠷ᠎ᠤᠨ ᠰᠡᠷᠭᠦᠭᠡᠯᠲᠡ ᠵᠢ ᠠᠬᠢᠭᠤᠯᠪᠠ
 
             蒙ICP备05000248号