1 ᠰᠠᠷ᠎ᠠ ᠵᠢᠨ 16᠎ᠤ ᠡᠳᠦᠷ᠂ ᠪᠤᠭᠤᠲᠤ ᠬᠣᠲᠠ᠎ᠳᠤ ᠪᠠᠢ᠌ᠷᠢᠯᠠᠵᠤ ᠪᠠᠶ᠋ᠢᠭ᠎ᠠ ᠥᠪᠥᠷ ᠮᠣᠩᠭᠣᠯ᠎ᠤᠨ ᠨᠠᠨ ᠬᠠᠶ ᠽᠢ ᠨᠤᠭᠤ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠴᠤ ᠬᠠᠮᠠᠭ᠋ᠠᠯᠠᠬᠤ ᠲᠥᠪ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠨᠠᠨ ᠬᠡᠮᠵᠢᠬᠦ ᠠᠵᠢᠯᠲᠠᠨ ᠣᠶ᠋ᠢᠷ᠎ᠠ ᠵᠢᠨ ᠵᠢᠯ᠎ᠤᠨ ᠰᠢᠨ᠎ᠡ᠎ᠪᠠᠷ ᠨᠡᠮᠡᠭᠳᠡᠭᠰᠡᠨ ᠨᠡᠭᠦᠳᠡᠯ᠎ᠤᠨ ᠰᠢᠪᠠᠭᠤᠳ᠎ᠤᠨ ᠳᠦᠷᠰᠦ ᠵᠢᠨ ᠰᠦᠷᠦᠭ᠎ᠤᠨ ᠲᠣᠭ᠎ᠠ ᠬᠡᠮᠵᠢᠶ᠎ᠡ ᠵᠢ ᠪᠦᠷᠢᠳᠬᠡᠨ ᠵᠠᠳᠠᠯᠵᠤ᠂ ᠣᠲᠣ ᠪᠣᠯᠲᠠᠯ᠎ᠠ᠂ ᠨᠠᠨ ᠬᠠᠶ ᠽᠢ ᠨᠤᠭᠤ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠨᠡᠭᠦᠳᠡᠯ᠎ᠤᠨ ᠰᠢᠪᠠᠭᠤᠳ᠎ᠤᠨ ᠲᠥᠷᠥᠯ ᠵᠦᠢ᠍ᠯ ᠨᠢᠭᠡᠨᠲᠡ 242 ᠵᠦᠢ᠍ᠯ ᠪᠤᠯᠤᠨ ᠨᠡᠮᠡᠭᠳᠡᠵᠦ᠂ 17 ᠲᠦᠷᠦᠯ᠎ᠤᠨ 52 ᠰᠠᠯᠠᠭ᠎ᠠ᠎ᠳᠤ ᠬᠠᠷᠢᠶᠠᠯᠠᠭᠳᠠᠵᠤ᠂ ᠡᠭᠦᠨ᠎ᠳᠤ ᠤᠯᠤᠰ᠎ᠤᠨⅠ ᠲᠠᠰ᠎ᠤᠨ ᠬᠠᠮᠠᠭ᠋ᠠᠯᠠᠯᠲᠠ ᠵᠢᠨ ᠰᠢᠪᠠᠭᠤᠨ᠎ᠤ ᠲᠥᠷᠥᠯ 14 ᠵᠦᠢ᠍ᠯ᠂ ᠤᠯᠤᠰ᠎ᠤᠨⅡ ᠲᠠᠰ᠎ᠤᠨ ᠬᠠᠮᠠᠭ᠋ᠠᠯᠠᠯᠲᠠ ᠵᠢᠨ ᠰᠢᠪᠠᠭᠤᠨ᠎ᠤ ᠲᠥᠷᠥᠯ 39 ᠵᠦᠢ᠍ᠯ ᠪᠣᠶ ᠭᠡᠵᠠᠢ᠃
ᠣᠶ᠋ᠢᠯᠠᠭ᠋ᠠᠭᠰᠠᠨ ᠵᠶ᠋ᠠᠷ᠂ ᠪᠤᠭᠤᠲᠤ ᠬᠣᠲᠠ᠎ᠳᠤ ᠪᠠᠢ᠌ᠷᠢᠯᠠᠵᠤ ᠪᠠᠶ᠋ᠢᠭ᠎ᠠ ᠥᠪᠥᠷ ᠮᠣᠩᠭᠣᠯ᠎ᠤᠨ ᠨᠠᠨ ᠬᠠᠶ ᠽᠢ ᠨᠤᠭᠤ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠨᠤᠭᠤ ᠭᠠᠵᠠᠷ᠎ᠤᠨ ᠠᠮᠢ ᠠᠬᠤᠶ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ᠎ᠪᠠᠷ ᠬᠦᠴᠦᠯᠡᠨ ᠴᠢᠷᠮᠠᠶ᠋ᠢᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠨᠠᠨ ᠬᠡᠮᠵᠢᠬᠦ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠤᠢ᠃ ᠨᠠᠨ ᠬᠠᠶ ᠽᠢ ᠨᠤᠭᠤ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠨᠠᠨ ᠬᠡᠮᠵᠢᠬᠦ ᠠᠵᠢᠯᠲᠠᠳ ᠨᠢᠭᠡ ᠡᠳᠦᠷ ᠨᠢᠭᠡ ᠭᠡᠮᠵᠢᠬᠦ᠂ ᠭᠠᠷᠠᠭ ᠪᠦᠷᠢ ᠨᠢᠭᠡ ᠲᠡᠮᠳᠡᠭᠯᠡᠬᠦ᠂ ᠰᠠᠷ᠎ᠠ ᠪᠦᠷᠢ ᠨᠢᠭᠡ ᠮᠡᠳᠡᠭᠦᠯᠬᠦ ᠵᠢ ᠪᠠᠷᠢᠮᠲᠠᠯᠠᠬᠤ ᠵᠢᠨ ᠬᠠᠮᠲᠤ᠂ ᠬᠥᠮᠦᠨ᠎ᠤ ᠬᠦᠴᠦ᠎ᠪᠠᠷ ᠬᠢᠨᠠᠨ ᠬᠡᠮᠵᠢᠬᠦ ᠵᠢ ᠰᠢᠪᠠᠭᠤᠨ᠎ᠤ ᠲᠥᠷᠥᠯ᠎ᠤᠨ ᠬᠢᠨᠠᠨ ᠡᠵᠡᠮᠳᠡᠬᠦ ᠲᠥᠬᠥᠭᠡᠷᠦᠮᠵᠢᠯᠦᠭᠡ ᠬᠠᠷᠢᠯᠴᠠᠨ ᠤᠶᠠᠯᠳᠤᠭᠤᠯᠵᠤ᠂ ᠰᠢᠪᠠᠭᠤᠨ᠎ᠤ ᠲᠥᠷᠥᠯ᠎ᠤᠨ ᠬᠢᠨᠠᠨ ᠬᠡᠮᠵᠢᠬᠦ ᠠᠵᠢᠯ᠎ᠢ ᠳᠥᠭᠥᠮ ᠳᠥᠲᠡ᠂ ᠰᠢᠨᠵᠢᠯᠡᠬᠦ ᠤᠬᠠᠭ᠋ᠠᠨᠴᠢ᠂ ᠪᠦᠲᠦᠮᠵᠢᠲᠡᠶ ᠦᠷᠨᠢᠭᠦᠯᠦᠭᠰᠡᠭᠡᠷ ᠢᠷᠡᠵᠠᠢ᠃ ᠨᠤᠭᠤ ᠭᠠᠵᠠᠷ᠎ᠤᠨ ᠠᠮᠢ ᠠᠬᠤᠶ ᠣᠷᠴᠢᠨ ᠲᠣᠭᠣᠷᠢᠨ ᠲᠠᠰᠤᠷᠠᠯᠲᠠ ᠥᠬᠡᠶ ᠰᠢᠯᠢᠳᠡᠭᠵᠢᠵᠦ᠂ ᠬᠢᠨᠠᠨ ᠬᠡᠮᠵᠢᠬᠦ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠬᠦ ᠵᠢ ᠳᠠᠭ᠋ᠠᠯᠳᠤᠨ᠂ ᠨᠠᠨ ᠬᠠᠶ ᠽᠢ ᠨᠤᠭᠤ ᠭᠠᠵᠠᠷ᠎ᠤᠨ ᠬᠡᠭᠡᠷ᠎ᠡ ᠵᠢᠨ ᠰᠢᠪᠠᠭᠤᠳ᠎ᠤᠨ ᠲᠥᠷᠥᠯ ᠵᠦᠢ᠍ᠯ᠎ᠤᠨ ᠲᠣᠭ᠎ᠠ ᠬᠡᠮᠵᠢᠶ᠎ᠡ ᠵᠢᠯ ᠳᠠᠷᠠᠭ᠋ᠠᠯᠠᠨ ᠨᠡᠮᠡᠭᠳᠡᠵᠦ᠂ 1992 ᠣᠨ᠎ᠳᠤ 77 ᠵᠦᠢ᠍ᠯ ᠪᠠᠶ᠋ᠢᠭᠰᠠᠨ᠎ᠠᠴᠠ᠎ᠪᠠᠨ ᠨᠡᠮᠡᠭᠳᠡᠭᠡᠳ 2012 ᠣᠨ᠎ᠳᠤ 201 ᠵᠦᠢ᠍ᠯ᠂ 2016 ᠣᠨ᠎ᠳᠤ 228 ᠵᠦᠢ᠍ᠯ᠂ 2019 ᠣᠨ᠎ᠳᠤ 232 ᠵᠦᠢ᠍ᠯ᠂ ᠣᠲᠣ 242 ᠵᠦᠢ᠍ᠯ ᠪᠤᠯᠣᠭᠰᠠᠨ ᠪᠠᠢ᠌ᠨ᠎ᠠ᠃

