ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠥᠬᠥ ᠲᠠᠯ᠎ᠠ᠎ᠪᠠᠷ ᠲᠤᠭᠤᠰᠢᠯᠠᠭᠤᠯᠤᠨ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠬᠣᠷᠢᠭ᠎ᠠ ᠱᠤᠭᠤᠮ᠎ᠢ ᠰᠠᠬᠢᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠨᠤᠲᠤᠭ ᠪᠡᠯᠴᠢᠭᠡᠷ᠎ᠢ ᠠᠮᠤᠷᠠᠭᠤᠯᠤᠨ ᠰᠡᠷᠭᠦᠭᠡᠬᠦ ᠵᠢ ᠠᠬᠢᠭᠤᠯᠪᠠ᠃
ᠨᠢᠭᠡ᠎ᠳᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠣᠷᠣᠨ ᠪᠣᠯᠤᠨ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠣᠷᠣᠨ᠎ᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠨ ᠲᠤᠭᠲᠠᠭ᠋ᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠳᠦᠷᠢᠮ》᠎ᠢ ᠴᠢᠩᠭ᠎ᠠ ᠵᠢᠷᠤᠮᠯᠠᠨ᠂ ᠣᠷᠣᠨ ᠨᠤᠲᠤᠭ᠎ᠤᠨ ᠪᠡᠯᠴᠢᠭᠡᠷ᠎ᠤᠨ ᠮᠠᠯ ᠠᠵᠤ ᠠᠬᠤᠶ ᠵᠢᠨ ᠬᠦᠭᠵᠢᠯᠲᠡ ᠵᠢᠨ ᠪᠣᠳᠠᠲᠤ ᠪᠠᠶ᠋ᠢᠳᠠᠯ ᠪᠠ ᠮᠠᠯᠴᠢᠨ ᠲᠠᠷᠢᠶᠠᠴᠢᠳ᠎ᠤᠨ ᠬᠦᠰᠡᠯ ᠰᠠᠨᠠᠭ᠎ᠠ ᠵᠢ ᠨᠢᠭᠡᠳᠦᠯᠲᠡᠶ ᠲᠥᠯᠥᠪᠯᠡᠵᠦ᠂ ᠬᠦᠨᠳᠦ ᠨᠣᠴᠢᠲᠠᠶ ᠮᠠᠭᠤᠳᠠᠭᠰᠠᠨ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠪᠡᠯᠴᠢᠭᠡᠷᠯᠡᠭᠦᠯᠬᠦ᠎ᠳᠤ ᠲᠣᠬᠢᠷᠠᠬᠤ ᠦᠭᠡᠶ ᠳᠤᠮᠳᠠ ᠬᠡᠮᠵᠢᠶᠡᠨ᠎ᠤ ᠮᠠᠭᠤᠳᠠᠭᠰᠠᠨ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠣᠯ ᠣᠷᠣᠨ᠎ᠤ ᠨᠤᠲᠤᠭ ᠪᠡᠯᠴᠢᠭᠡᠷ᠎ᠢ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠣᠷᠣᠨ ᠪᠣᠯᠭ᠋ᠠᠨ ᠬᠤᠪᠢᠶᠠᠷᠢᠯᠠᠵᠤ᠂ 3.8 ᠳ᠋ᠦᠩᠰᠢᠭᠤᠷ ᠮᠦ᠍ ᠨᠤᠲᠤᠭ ᠪᠡᠯᠴᠢᠭᠡᠷ᠎ᠢ 5 ᠵᠢᠯ᠎ᠤᠨ ᠬᠤᠭᠤᠴᠠᠭ᠎ᠠ᠎ᠲᠠᠢ ᠠᠮᠤᠷᠠᠭᠤᠯᠵᠤ᠂ ᠮᠠᠯᠵᠢᠬᠤ ᠵᠢ ᠴᠠᠭ᠋ᠠᠵᠠᠯᠠᠬᠤ ᠣᠷᠣᠨ᠎ᠠᠴᠠ ᠭᠠᠳᠠᠨ᠎ᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠣᠷᠣᠨ᠎ᠳᠤ ᠵᠢᠯ ᠪᠦᠷᠢ ᠵᠢᠨ ᠬᠠᠪᠤᠷ᠎ᠤᠨ ᠤᠯᠠᠷᠢᠯ᠎ᠳᠤ ᠮᠠᠯᠵᠢᠬᠤ ᠵᠢ ᠵᠤᠭᠰᠤᠭ᠋ᠠᠬᠤ ᠬᠤᠭᠤᠴᠠᠭ᠎ᠠ ᠵᠢ 45 ᠡᠳᠦᠷ᠎ᠠᠴᠠ ᠳᠡᠭᠡᠭᠰᠢ ᠬᠢᠵᠠᠭ᠋ᠠᠷᠯᠠᠵᠤ᠂ ᠲᠡᠵᠢᠭᠡᠯ ᠡᠪᠡᠰᠦ ᠵᠢᠨ ᠤᠷᠤᠭᠰᠢᠲᠠᠶ ᠨᠣᠭᠣᠭ᠋ᠠᠷᠠᠬᠤ ᠵᠢ ᠦᠨᠡᠨᠬᠦ ᠪᠠᠲᠤᠯᠠᠪᠠ᠃ ᠬᠥᠯᠥᠨ ᠪᠤᠶ᠋ᠢᠷ ᠬᠣᠲᠠ ᠪᠣᠯᠤᠨ ᠰᠢᠯᠢ ᠵᠢᠨ ᠭᠣᠣᠯ ᠠᠶ᠋ᠢᠮᠠᠭ᠎ᠤᠨ ᠬᠣᠶᠠᠷ ᠶᠡᠬᠡ ᠲᠠᠯ᠎ᠠ ᠨᠤᠲᠤᠭ᠎ᠤᠨ ᠮᠠᠯᠵᠢᠬᠤ ᠣᠷᠣᠨ᠎ᠳᠤ ᠵᠢᠯ ᠪᠦᠷᠢ ᠲᠤᠰᠬᠠᠶ ᠵᠦᠢ᠍ᠯ᠎ᠤᠨ ᠪᠡᠯᠡ ᠮᠥᠩᠭᠥ ᠲᠣᠬᠢᠷᠠᠭᠤᠯᠤᠨ ᠪᠡᠯᠴᠢᠭᠡᠷ ᠥᠨᠵᠢᠭᠦᠯᠬᠦ᠎ᠳᠤ ᠬᠡᠷᠡᠭᠯᠡᠵᠦ᠂ 4 ᠳ᠋ᠦᠩᠰᠢᠭᠤᠷ ᠮᠦ᠍ ᠨᠤᠲᠤᠭ ᠪᠡᠯᠴᠢᠭᠡᠷ᠎ᠲᠤ 《ᠴᠠᠯᠢᠩ᠎ᠲᠠᠢ ᠠᠮᠠᠷᠠᠯᠲᠠ》 ᠠᠪᠬᠤ ᠵᠢ ᠪᠡᠶᠡᠯᠡᠭᠦᠯᠪᠡ᠃
ᠬᠣᠶᠠᠷ᠎ᠲᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠪᠡ᠃ ᠳᠠᠭ᠋ᠠᠭ᠋ᠠᠴᠠ᠎ᠠᠴᠠ ᠬᠡᠲᠦᠷᠡᠭᠦᠯᠦᠨ ᠬᠢᠨᠠᠨ ᠬᠡᠮᠵᠢᠬᠦ ᠵᠢ 《ᠮᠠᠯ》 ᠵᠶ᠋ᠠᠷ ᠬᠢᠵᠠᠭ᠋ᠠᠷᠯᠠᠵᠤ ᠪᠠᠢ᠌ᠭᠰᠠᠨ᠎ᠠᠴᠠ 《ᠡᠪᠡᠰᠦ》 ᠵᠢ ᠬᠢᠨᠠᠨ ᠬᠡᠮᠵᠢᠬᠦ ᠪᠣᠯᠭ᠋ᠠᠨ ᠬᠤᠪᠢᠷᠠᠭᠤᠯᠵᠤ᠂ 《ᠬᠡᠷᠡᠭ᠎ᠤᠨ ᠳᠠᠷᠠᠭ᠎ᠠ》 ᠬᠢᠨᠠᠯᠲᠠ ᠲᠠᠯᠪᠢᠵᠤ ᠪᠠᠶ᠋ᠢᠭᠰᠠᠨ᠎ᠠᠴᠠ 《ᠬᠡᠷᠡᠭ᠎ᠤᠨ ᠡᠮᠦᠨ᠎ᠡ》 ᠰᠡᠷᠡᠮᠵᠢᠯᠡᠭᠦᠯᠬᠦ ᠪᠣᠯᠭ᠋ᠠᠨ ᠬᠤᠪᠢᠷᠠᠭᠤᠯᠪᠠ᠃ ᠭᠤᠷᠪᠠᠨ ᠵᠢᠯ ᠳᠠᠷᠠᠭ᠋ᠠᠯᠠᠨ ᠥᠨᠳᠥᠷ ᠢᠯᠭ᠋ᠠᠮᠵᠢ᠎ᠲᠤ ᠠᠯᠤᠰ ᠰᠡᠷᠡᠯ᠎ᠤᠨ ᠵᠢᠷᠤᠭ ᠳᠦᠷᠰᠦ ᠪᠠ ᠲᠣᠭ᠎ᠠ ᠪᠠᠷᠢᠮᠲᠠ᠎ᠪᠠᠷ ᠬᠠᠷᠢᠭᠤ ᠲᠤᠰᠬᠠᠬᠤ ᠮᠡᠷᠭᠡᠵᠢᠯ᠎ᠢ ᠬᠡᠷᠡᠭᠯᠡᠨ᠂ ᠪᠥᠬᠥ ᠣᠷᠣᠨ᠎ᠤ ᠨᠤᠲᠤᠭ ᠪᠡᠯᠴᠢᠭᠡᠷ᠎ᠲᠤ ᠮᠠᠯ ᠪᠡᠯᠴᠢᠭᠡᠷ᠎ᠤᠨ ᠲᠡᠩᠴᠡᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠥᠷᠨᠢᠭᠦᠯᠵᠦ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠣᠷᠣᠨ᠎ᠳᠤ ᠳᠠᠭ᠋ᠠᠭ᠋ᠠᠴᠠ᠎ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠵᠢ ᠤᠷᠢᠳᠴᠢᠯᠠᠨ ᠰᠡᠷᠡᠮᠵᠢᠯᠡᠭᠦᠯᠬᠦ ᠣᠷᠣᠨ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠣᠷᠣᠨ᠎ᠳᠤ ᠲᠣᠭᠲᠠᠭ᠋ᠠᠯ᠎ᠠᠴᠠ ᠵᠥᠷᠢᠴᠡᠨ ᠮᠠᠯᠵᠢᠬᠤ ᠰᠡᠷᠡᠮᠵᠢ᠎ᠲᠤ ᠣᠷᠣᠨ᠎ᠢ ᠲᠤᠭᠲᠠᠭ᠋ᠠᠨ᠂ ᠭᠠᠴᠠᠭ᠎ᠠ ᠲᠣᠰᠬᠣᠨ᠎ᠤ ᠱᠠᠲᠤᠨ᠎ᠳᠤ ᠬᠦᠷᠲᠡᠯ᠎ᠡ ᠨᠠᠷᠢᠯᠢᠬ᠍ᠵᠢᠭᠤᠯᠤᠭᠰᠠᠨ ᠤᠷᠢᠳᠴᠢᠯᠠᠨ ᠰᠡᠷᠡᠮᠵᠢᠯᠡᠭᠦᠯᠬᠦ ᠵᠢᠷᠤᠭ ᠲᠣᠯᠪᠣ ᠵᠢ ᠪᠣᠶ ᠪᠣᠯᠭ᠋ᠠᠭᠰᠠᠨ᠎ᠤ ᠬᠠᠮᠲᠤ᠂ ᠠᠶ᠋ᠢᠮᠠᠭ ᠬᠣᠲᠠ᠎ᠳᠤ ᠴᠠᠭ ᠲᠤᠬᠠᠶ᠎ᠳᠤᠨᠢ ᠮᠡᠳᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠮᠠᠯᠵᠢᠬᠤ ᠵᠢ ᠵᠢᠯᠣᠭᠣᠳᠬᠤ ᠪᠠ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠵᠢ ᠲᠣᠳᠣᠷᠬᠠᠶ᠋ᠢᠯᠠᠬᠤ ᠭᠤᠤᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠬᠤ ᠣᠷᠣᠨ᠎ᠳᠤ ᠰᠠᠭᠤᠷᠢ ᠲᠣᠭ᠎ᠠ ᠪᠠᠷᠢᠮᠲᠠ ᠵᠢ ᠬᠠᠩᠭ᠋ᠠᠵᠤ᠂ ᠪᠥᠬᠥ ᠤᠯᠤᠰ᠎ᠤᠨ ᠮᠠᠯ ᠪᠡᠯᠴᠢᠭᠡᠷ᠎ᠤᠨ ᠲᠡᠩᠴᠡᠭᠦᠷᠢ ᠵᠢ ᠬᠢᠨᠠᠨ ᠬᠡᠮᠵᠢᠬᠦ ᠠᠵᠢᠯ᠎ᠳᠤ ᠰᠢᠨ᠎ᠡ ᠥᠯᠢᠭᠡᠷ ᠵᠢᠱ᠌ᠢᠶ᠎ᠡ ᠬᠠᠩᠭ᠋ᠠᠪᠠ᠃ 2023 ᠣᠨ᠎ᠳᠤ᠂ ᠪᠥᠬᠥ ᠣᠷᠣᠨ᠎ᠤ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠵᠢ ᠰᠡᠷᠡᠮᠵᠢᠯᠡᠭᠦᠯᠬᠦ ᠲᠠᠯᠠᠪᠠᠶ (2.34 ᠳ᠋ᠦᠩᠰᠢᠭᠤᠷ ᠮᠥ᠍) ᠨᠢᠳᠤᠨᠤᠨ᠎ᠤ᠎ᠬᠢ᠎ᠠᠴᠠ 1741 ᠲᠦᠮᠡᠨ ᠮᠥ᠍ ᠪᠠᠭ᠋ᠠᠰᠪᠠ᠃
ᠭᠤᠷᠪᠠ᠎ᠳᠤ᠂ ᠬᠢᠨᠠᠯᠲᠠ ᠬᠠᠮᠢᠶᠠᠷᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠦᠷᠨᠢᠬᠦᠯᠪᠠ᠃ ᠪᠥᠬᠥ ᠣᠷᠣᠨ᠎ᠤ ᠬᠡᠪᠴᠢᠶᠡᠨ᠎ᠳᠤ ᠨᠤᠲᠤᠭ ᠪᠡᠯᠴᠢᠭᠡᠷ᠎ᠤᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠵᠢ ᠥᠷᠨᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠲᠣᠭ᠋ᠠᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠲᠠᠪᠴᠠᠩ》᠎ᠢ ᠪᠠᠶ᠋ᠢᠭᠤᠯᠵᠤ᠂ 15 ᠲᠦᠮᠡᠨ ᠮᠥ᠍ ᠪᠦᠷᠢ᠎ᠳᠤ ᠨᠢᠭᠡ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠲᠣᠬᠢᠷᠠᠭᠤᠯᠤᠯᠲᠠ ᠶᠣᠰᠣᠭ᠋ᠠᠷ᠂ ᠮᠠᠯ ᠪᠡᠯᠴᠢᠭᠡᠷ᠎ᠤᠨ ᠲᠡᠩᠴᠡᠭᠦᠷᠢ ᠪᠣᠯᠤᠨ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠰᠡᠯᠭᠦᠨ ᠮᠠᠯᠵᠢᠬᠤ ᠲᠦᠷᠢᠮ᠎ᠢ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠡᠪᠳᠡᠵᠦ᠂ ᠠᠮᠢᠳᠤ ᠪᠣᠳᠠᠰ᠎ᠤᠨ ᠭᠠᠮᠰᠢᠭ᠎ᠢ ᠰᠡᠷᠡᠮᠵᠢᠯᠡᠭᠦᠯᠬᠦ᠎ᠳᠤ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠬᠢᠪᠠ᠃ 4 ᠰᠠᠷ᠎ᠠ᠎ᠳᠤ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠲᠤ ᠮᠠᠯᠵᠢᠬᠤ ᠵᠢ ᠵᠣᠭᠰᠣᠭ᠋ᠠᠬᠤ ᠬᠤᠭᠤᠴᠠᠭ᠋ᠠᠨ᠎ᠤ ᠲᠣᠭᠣᠷᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 7 ᠰᠠᠷ᠎ᠠ᠎ᠳᠤ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠲᠤ ᠮᠠᠯᠵᠢᠬᠤ ᠵᠢ ᠴᠠᠭ᠋ᠠᠵᠠᠯᠠᠬᠤ ᠣᠷᠣᠨ᠎ᠤ ᠲᠣᠭᠣᠷᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠠᠯᠵᠢᠬᠤ ᠬᠤᠭᠤᠴᠠᠭ᠋ᠠᠨ᠎ᠳᠤ ᠬᠣᠶᠠᠷ ᠤᠳᠠᠭ᠎ᠠ ᠲᠣᠭᠣᠷᠢᠨ ᠪᠠᠶ᠋ᠢᠴᠠᠭ᠋ᠠᠬᠤ᠂ ᠲᠤᠬᠠᠶ ᠵᠢᠨ ᠲᠠᠯᠠᠪᠤᠷ᠎ᠲᠤ ᠭᠡᠷᠡᠴᠢ ᠠᠪᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠷᠣᠨ ᠨᠤᠲᠤᠭ᠎ᠤᠨ ᠬᠠᠷᠢᠭᠤᠴᠠᠯᠭ᠎ᠠ ᠵᠢ ᠴᠠᠭ ᠲᠤᠬᠠᠶ᠎ᠳᠤᠨᠢ ᠮᠡᠳᠡᠭᠡᠯᠡᠨ ᠪᠣᠳᠠᠲᠠᠶ᠋ᠢᠵᠢᠭᠤᠯᠵᠤ᠂ ᠲᠣᠭᠲᠠᠭ᠋ᠠᠯ᠎ᠠᠴᠠ ᠵᠥᠷᠢᠴᠡᠨ ᠮᠠᠯᠵᠢᠬᠤ ᠠᠵᠢᠯᠯᠠᠭ᠎ᠠ ᠵᠢ ᠢᠯᠡᠳᠲᠡ ᠪᠠᠭ᠋ᠠᠰᠬᠠᠪᠠ᠃