ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠡᠭ᠎ᠤᠨ ᠠᠵᠢᠯ᠎ᠢ ᠡᠬᠢᠯᠡᠭᠦᠯᠬᠦ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-01-05


     1 ᠰᠠᠷ᠎ᠠ ᠵᠢᠨ 2᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠡᠭ᠎ᠤᠨ ᠠᠵᠢᠯ᠎ᠢ ᠡᠬᠢᠯᠡᠭᠦᠯᠬᠦ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠸᠠᠩ ᠵᠣᠣ ᠱᠧᠩ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ (ᠲᠣᠪᠴᠢᠶᠠᠨ ᠳᠠᠷᠤᠭ᠎ᠠ) ᠭᠦᠸᠧ ᠵᠠᠨ ᠵᠢᠶᠠᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ᠂ ᠬᠠᠮᠢᠶ᠎ᠠ ᠪᠥᠬᠥᠶ ᠨᠢᠭᠡᠴᠡ ᠵᠢᠨ ᠬᠠᠷᠢᠭᠤᠴᠠᠯᠭ᠋ᠠᠲᠠᠨ᠂ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠥᠬᠥᠶ ᠪᠦᠷᠢᠯᠳᠦᠬᠦᠨ ᠨᠢᠭᠡᠴᠡ ᠵᠢᠨ ᠭᠤᠤᠯ ᠬᠠᠷᠢᠭᠤᠴᠠᠯᠭ᠋ᠠᠲᠠᠨ ᠨᠠᠷ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠤᠷᠤᠯᠴᠠᠪᠠ᠃
      ᠡᠬᠢᠯᠡᠯᠲᠡ ᠵᠢᠨ ᠬᠤᠷᠠᠯ᠎ᠤᠨ ᠵᠣᠷᠢᠯᠭ᠎ᠠ᠎ᠨᠢ ᠶᠡᠷᠦᠩᠬᠡᠶ ᠱᠦᠵᠢ ᠰᠢ ᠵᠢᠨ ᠫᠢᠩ᠎ᠤᠨ 《ᠥᠪᠥᠷ ᠮᠣᠩᠭᠣᠯ᠎ᠤᠨ ᠨᠤᠲᠤᠭ ᠪᠡᠯᠴᠢᠭᠡᠷ ᠨᠢᠭᠡᠨᠲᠡ ᠬᠡᠲᠦᠷᠲᠡᠲᠡᠯ᠎ᠡ ᠮᠡᠯᠵᠢᠭ᠍ᠰᠠᠨ ᠪᠠᠢ᠌ᠨ᠎ᠠ᠂ ᠠᠮᠤᠷᠵᠢᠭᠤᠯᠤᠨ ᠲᠡᠩᠬᠡᠷᠡᠭᠦᠯᠬᠦ ᠵᠢ ᠠᠩᠬᠠᠷᠬᠤ ᠬᠡᠷᠡᠭᠲᠡᠶ》 ᠭᠡᠰᠡᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠪᠡᠯᠴᠢᠭᠡᠷᠯᠡᠬᠦᠯᠬᠦ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠲᠥᠰᠦᠯ》᠎ᠳᠠᠬᠢ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠨᠤᠲᠤᠭ ᠪᠡᠯᠴᠢᠭᠡᠷ᠎ᠤᠨ ᠪᠡᠯᠴᠢᠭᠡᠷᠯᠡᠬᠦᠯᠬᠦ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠶᠠᠪᠤᠳᠠᠯ ᠪᠣᠯᠤᠨ᠎ᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠳᠡᠳ᠋ ᠲᠤᠪᠴᠢᠶᠠᠨ ᠳᠠᠷᠤᠭ᠎ᠠ ᠵᠣᠣ ᠢᠦᠶ ᠱᠧᠩ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠲᠣᠰ ᠲᠣᠰ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠪᠡᠯᠴᠢᠭᠡᠷᠯᠡᠬᠦᠯᠬᠦ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠲᠥᠰᠦᠯ》᠎ᠤᠨ ᠲᠣᠭᠲᠠᠭ᠋ᠠᠯ ᠶᠣᠰᠣᠭ᠋ᠠᠷ᠂ ᠲᠦᠷᠦᠭᠦᠯᠡᠨ ᠬᠢᠬᠦ ᠡᠭᠦᠷᠭᠡ ᠵᠢᠨ ᠠᠭᠤᠯᠭ᠎ᠠ ᠵᠢᠨ ᠲᠤᠬᠠᠶ ᠨᠠᠷᠢᠨ ᠲᠠᠶ᠋ᠢᠯᠤᠮᠵᠢ ᠬᠢᠪᠠ᠃ 《ᠲᠤᠷᠰᠢᠯᠲᠠ ᠵᠢᠨ ᠲᠥᠰᠦᠯ》᠎ᠨᠢ ᠨᠡᠶ᠋ᠢᠲᠡ 5 ᠲᠠᠯ᠎ᠠ ᠵᠢᠨ 17 ᠵᠦᠢ᠍ᠯ᠎ᠤᠨ ᠪᠣᠳᠠᠲᠠᠶ ᠡᠭᠦᠷᠭᠡ᠎ᠳᠤ ᠬᠣᠯᠪᠣᠭᠳᠠᠵᠤ᠂ ᠡᠭᠦᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠲᠦᠷᠦᠭᠦᠯᠡᠨ ᠬᠠᠷᠢᠭᠤᠴᠠᠬᠤ ᠡᠭᠦᠷᠭᠡ 5 ᠵᠦᠢ᠍ᠯ ᠪᠠᠶ᠋ᠢᠵᠤ᠂ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠤᠨ ᠲᠦᠷᠦᠭᠦᠯᠡᠨ ᠬᠠᠷᠢᠭᠤᠴᠠᠬᠤ ᠡᠭᠦᠷᠭᠡ 12  ᠵᠦᠢ᠍ᠯ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠠᠶᠤᠯᠭᠦᠢ ᠦᠢ᠍ᠯᠡᠳᠪᠦᠷᠢᠯᠡᠯ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ 24 ᠵᠦᠢ᠍ᠯ᠎ᠤᠨ ᠠᠷᠭ᠎ᠠ ᠬᠡᠮᠵᠢᠶ᠎ᠡ᠎ᠪᠠᠷ ᠥᠪᠥᠷ ᠮᠣᠩᠭᠤᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠵᠦ ᠪᠤᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠢᠭ᠋᠎ᠤᠨ ᠠᠵᠢᠯ᠎ᠢ ᠡᠬᠢᠯᠡᠭᠦᠯᠪᠡ
ᠮᠠᠨ᠎ᠤ ᠤᠷᠤᠨ᠎ᠤ ᠨᠤᠭᠤᠭ᠋ᠠᠷᠠᠭᠤᠯᠤᠭᠰᠠᠨ ᠭᠠᠵᠠᠷ ᠨᠤᠲᠤᠭ᠎ᠤᠨ ᠲᠠᠯᠠᠪᠠᠢ ᠲᠠᠰᠤᠷᠠᠯᠲᠠ ᠦᠭᠡᠢ ᠦᠷᠭᠡᠵᠢᠪᠡ
ᠥᠪᠥᠷ ᠮᠣᠩᠭᠤᠯ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠨᠤᠭᠤ ᠭᠠᠵᠠᠷ 4 ᠨᠡᠮᠡᠭᠳᠡᠪᠡ
 
             蒙ICP备05000248号