1 ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠤᠷᠠᠯ ᠬᠤᠷᠠᠯᠳᠤᠭᠤᠯᠵᠤ᠂ ᠣᠶ᠋ᠢᠷ᠎ᠠ ᠵᠢᠨ ᠬᠤᠭᠤᠴᠠᠭ᠋ᠠᠨ᠎ᠤ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠮᠡᠳᠡᠬᠦᠯᠦᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠤᠨ ᠬᠣᠯᠪᠣᠭᠳᠠᠯ ᠪᠥᠬᠥᠶ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠡᠯ᠎ᠡ ᠰᠢᠭᠤᠳ ᠬᠠᠷᠢᠶ᠎ᠠ ᠨᠢᠭᠡᠴᠡ ᠵᠢᠨ ᠠᠶᠤᠯ ᠥᠬᠡᠶ ᠦᠢ᠍ᠯᠡᠳᠪᠦᠷᠢᠯᠡᠯ᠎ᠤᠨ ᠪᠠᠶ᠋ᠢᠴᠠᠭ᠋ᠠᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠪᠠ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠠᠶᠤᠯ ᠥᠬᠡᠶ ᠦᠢ᠍ᠯᠡᠳᠪᠦᠷᠢᠯᠡᠯ᠎ᠤᠨ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠭᠰᠡᠨ ᠪᠥᠭᠡᠳ 《ᠣᠶ ᠰᠢᠭᠤᠶ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠤᠨ ᠭᠠᠷ ᠳᠡᠪᠲᠡᠷ》 ᠵᠡᠷᠭᠡ ᠡᠮᠬᠢᠳᠬᠡᠨ ᠨᠠᠶ᠋ᠢᠷᠠᠭᠤᠯᠤᠭᠰᠠᠨ ᠮᠠᠲ᠋ᠧᠷᠢᠶᠠᠯ᠎ᠢ ᠲᠠᠷᠬᠠᠭ᠋ᠠᠪᠠ᠃

ᠠᠶᠤᠯᠭᠦᠢ ᠦᠢ᠍ᠯᠡᠳᠪᠦᠷᠢᠯᠡᠯ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ ᠲᠢᠶᠸ ᠨᠢᠤ ᠨᠥᠬᠥᠷ ᠬᠤᠷᠠᠯ᠎ᠢ ᠡᠷᠬᠢᠯᠡᠵᠦ᠂ ᠠᠶᠤᠯᠭᠦᠢ ᠦᠢ᠍ᠯᠡᠳᠪᠦᠷᠢᠯᠡᠯ᠎ᠤᠨ ᠤᠳᠤᠷᠢᠳᠬᠤ ᠳᠤᠭᠤᠶ᠋ᠢᠯᠠᠩ᠎ᠤᠨ ᠡᠯ᠎ᠡ ᠪᠦᠷᠢᠯᠳᠦᠬᠦᠨ ᠨᠢᠭᠡᠴᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃

ᠨᠢᠭᠡ᠎ᠳᠤ ᠦᠵᠡᠯ ᠰᠠᠨᠠᠭ᠋ᠠᠨ᠎ᠤ ᠲᠠᠯ᠎ᠠ᠎ᠪᠠᠷ ᠲᠠᠬᠢᠨ ᠴᠢᠬᠤᠯᠠᠴᠢᠯᠠᠬᠤ ᠬᠡᠷᠡᠭᠲᠡᠢ᠃ 《ᠠᠵᠢᠯ ᠲᠦᠷᠦᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ》 ᠪᠠ 《ᠬᠡᠨ ᠭᠣᠣᠯᠯᠠᠨ ᠬᠠᠮᠢᠶᠠᠷᠪᠠᠯ ᠬᠡᠨ ᠬᠠᠷᠢᠭᠤᠴᠠᠬᠤ》 ᠵᠠᠷᠴᠢᠮ᠎ᠢ ᠴᠢᠩᠭ᠎ᠠ ᠵᠢᠷᠤᠮᠯᠠᠵᠤ᠂ ᠠᠶᠤᠯᠭᠦᠢ ᠦᠢ᠍ᠯᠡᠳᠪᠦᠷᠢᠯᠡᠯ᠎ᠢ ᠢᠮᠠᠭᠲᠠ ᠴᠢᠩᠭ᠎ᠠ ᠠᠳᠬᠤᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠤᠢ ᠪᠣᠯᠭ᠋ᠠᠵᠤ᠂ ᠤᠢ ᠰᠢᠭᠤᠢ ᠨᠤᠲᠤᠭ ᠪᠡᠯᠴᠢᠭᠡᠷ᠎ᠤᠨ ᠬᠦᠷᠢᠶᠡᠨ᠎ᠳᠠᠬᠢ ᠤᠨᠴᠠ ᠶᠡᠬᠡ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠪᠣᠳᠠᠲᠠᠶ᠋ᠢᠵᠢᠭᠤᠯᠬᠤ ᠬᠡᠷᠡᠭᠲᠡᠢ᠃ ᠬᠣᠶᠠᠷ᠎ᠲᠤ ᠴᠡᠭᠴᠡᠯᠡᠨ ᠥᠭᠡᠷᠡᠴᠢᠯᠡᠬᠦ ᠲᠠᠯ᠎ᠠ᠎ᠪᠠᠷ ᠬᠥᠳᠡᠯᠦᠯᠴᠡᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠢ ᠪᠠᠶ᠋ᠢᠴᠠᠭ᠋ᠠᠵᠤ ᠴᠡᠭᠴᠡᠯᠡᠨ ᠵᠠᠰᠠᠬᠤ ᠡᠯ᠎ᠡ ᠵᠦᠢ᠍ᠯ᠎ᠤᠨ ᠠᠵᠢᠯ᠎ᠢ ᠢᠮᠠᠭᠲᠠ ᠰᠠᠶ᠋ᠢᠲᠤᠷ ᠬᠢᠵᠦ᠂ ᠴᠡᠭᠴᠡᠯᠡᠨ ᠰᠠᠶ᠋ᠢᠵᠢᠷᠠᠭᠤᠯᠬᠤ ᠠᠬᠢᠴᠠ ᠵᠢ ᠴᠢᠩᠭ᠎ᠠ ᠠᠩᠬᠠᠷᠴᠤ᠂ ᠨᠢᠭᠡᠳ ᠨᠢᠭᠡ᠎ᠪᠠᠷ ᠰᠢᠯᠭ᠋ᠠᠨ ᠠᠪᠴᠤ ᠳ᠋ᠤᠭ᠋ᠠᠷ᠎ᠢ᠎ᠨᠢ ᠦᠭᠡᠢ᠌ᠰᠭᠡᠵᠦ᠂ 《ᠪᠢᠲᠡᠭᠦᠮᠵᠢᠯᠡᠭᠰᠡᠨ》 ᠬᠠᠮᠢᠶᠠᠷᠤᠯᠲᠠ ᠶᠠᠪᠤᠭᠳᠠᠭᠤᠯᠬᠤ ᠬᠡᠷᠡᠭᠲᠡᠢ᠃ ᠠᠰᠠᠭᠤᠳᠠᠯ ᠪᠠ ᠬᠡᠮ ᠰᠣᠭᠣᠭ᠎ᠢ ᠪᠠᠶ᠋ᠢᠴᠠᠭ᠋ᠠᠬᠤ ᠬᠡᠷᠡᠭᠲᠡᠶ᠂ ᠭᠡᠪᠡᠴᠦ ᠪᠠᠰᠠ ᠪᠠᠭ᠎ᠠ ᠠᠰᠠᠭᠤᠳᠠᠯ᠂ ᠪᠠᠭ᠎ᠠ ᠭᠣᠭᠴᠣᠭ᠎ᠠ ᠵᠢ ᠴᠢᠩᠭ᠎ᠠ ᠠᠩᠬᠠᠷᠴᠤ᠂ ᠪᠦᠬᠦ ᠲᠠᠯ᠎ᠠ᠎ᠪᠠᠷ ᠰᠢᠰᠲᠸᠮ᠎ᠲᠠᠢ ᠪᠠᠢ᠌ᠴᠠᠭ᠋ᠠᠭᠰᠠᠨ ᠪᠠᠶ᠋ᠢᠬᠤ ᠬᠡᠷᠡᠭᠲᠡᠶ᠃ ᠭᠤᠷᠪᠠ᠎ᠳᠤ ᠬᠣᠯᠪᠣᠭᠳᠠᠯ ᠪᠦᠬᠦᠢ ᠬᠥᠮᠦᠰ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠪᠣᠯᠪᠠᠰᠤᠷᠠᠭᠤᠯᠤᠯ᠂ ᠰᠤᠷᠤᠯᠴᠠᠯᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃ ᠠᠶᠤᠯ ᠦᠭᠡᠶ ᠦᠢ᠍ᠯᠡᠳᠪᠦᠷᠢᠯᠡᠯ᠎ᠤᠨ ᠲᠤᠬᠠᠶ ᠪᠦᠬᠦ ᠲᠠᠯ᠎ᠠ ᠵᠢᠨ ᠰᠢᠰᠲᠸᠮ᠎ᠤᠨ ᠲᠠᠨᠢᠯᠲᠠ᠎ᠪᠠᠨ ᠳᠡᠭᠡᠭᠰᠢᠯᠡᠭᠦᠯᠵᠦ᠂ ᠦᠷᠭᠦᠯᠵᠢ ᠲᠣᠬᠢᠶᠠᠯᠳᠤᠳᠠᠭ ᠠᠶᠤᠯ ᠦᠭᠡᠶ ᠵᠢᠨ ᠡᠨᠳᠡᠯ᠎ᠤᠨ ᠰᠢᠯᠲᠠᠭ᠋ᠠᠨ᠂ ᠰᠡᠷᠭᠡᠶ᠋ᠢᠯᠡᠬᠦ ᠠᠷᠭ᠎ᠠ ᠬᠡᠮᠵᠢᠶ᠎ᠡ ᠪᠣᠯᠤᠨ ᠠᠷᠭ᠋ᠠᠴᠠᠨ ᠰᠢᠢ᠍ᠳᠪᠦᠷᠢᠯᠡᠬᠦ ᠠᠷᠭ᠎ᠠ ᠵᠢ ᠡᠵᠡᠮᠰᠢᠨ᠂ ᠲᠤᠰᠬᠠᠶ ᠠᠵᠢᠯ᠎ᠤᠨ ᠬᠡᠪ ᠴᠢᠨᠠᠷ ᠵᠶ᠋ᠠᠷ ᠴᠢᠩᠭ᠎ᠠ ᠬᠥᠮᠦᠰ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠰᠢᠮᠳᠠᠭᠤᠯᠤᠨ ᠪᠠᠶ᠋ᠢᠴᠠᠭ᠋ᠠᠬᠤ ᠠᠵᠢᠯ ᠥᠷᠨᠢᠭᠦᠯᠦᠨ᠂ ᠣᠶ ᠰᠢᠭᠤᠶ ᠨᠤᠲᠤᠭ ᠪᠡᠯᠴᠢᠭᠡᠷ᠎ᠤᠨ ᠰᠢᠰᠲᠸᠮ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠬᠦ᠎ᠳᠤ ᠯᠠᠪᠳᠠᠭᠤᠨ ᠪᠠᠲᠤᠲᠠᠶ ᠰᠠᠭᠤᠷᠢ ᠵᠢ ᠲᠠᠯᠪᠢᠬᠤ ᠬᠡᠷᠡᠭᠲᠡᠶ ᠭᠡᠵᠡᠢ᠃