ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ 434 ᠭᠤᠤᠯ ᠮᠥᠷᠡᠨ ᠨᠠᠭᠤᠷ ᠴᠥᠭᠥᠷᠥᠮ᠎ᠳᠤ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠶ᠋ᠢᠭᠤᠯᠪᠠ
ᠨᠡᠶ᠋ᠢᠲᠡᠯᠡᠭᠰᠡᠨ ᠴᠠᠭ᠄ 2024-02-19

  
     ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠠᠴᠠ ᠣᠶ᠋ᠢᠯᠠᠭ᠋ᠠᠭᠰᠠᠨ ᠵᠶ᠋ᠠᠷ᠂ 2023 ᠣᠨ᠎ᠳᠤ ᠮᠠᠨ᠎ᠤ ᠣᠷᠣᠨ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠡᠯ᠎ᠡ ᠲᠥᠷᠥᠯ᠎ᠤᠨ ᠠᠰᠠᠭᠤᠳᠠᠯ᠎ᠢ 3000 ᠭᠠᠷᠤᠶ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ᠂ 434 ᠭᠤᠤᠯ ᠮᠥᠷᠡᠨ ᠨᠠᠭᠤᠷ ᠴᠥᠭᠥᠷᠥᠮ᠎ᠳᠤ ᠡᠷᠡᠭᠦᠯ ᠮᠡᠨᠳᠦ ᠵᠢᠨ ᠲᠠᠩᠰᠠ ᠡᠪᠬᠡᠮᠡᠯ᠎ᠢ ᠪᠠᠶ᠋ᠢᠭᠤᠯᠪᠠ᠃
     2023 ᠣᠨ᠎ᠳᠤ᠂ ᠮᠠᠨ᠎ᠤ ᠣᠷᠣᠨ ᠭᠠᠵᠠᠷ ᠳᠤᠤᠷᠠᠬᠢ ᠤᠰᠤ ᠵᠢ ᠬᠡᠲᠤᠷᠠᠲᠡᠯ᠎ᠡ ᠲᠠᠲᠠᠭᠰᠠᠨ ᠣᠷᠣᠨ᠎ᠢ ᠶᠡᠷᠦᠩᠬᠡᠶ᠋ᠢᠯᠡᠨ ᠵᠠᠰᠠᠬᠤ ᠵᠢ ᠶᠡᠬᠡᠪᠡᠷ ᠳᠥᠯᠭᠢᠨ ᠠᠬᠢᠭᠤᠯᠵᠤ᠂ ᠭᠠᠵᠠᠷ ᠳᠤᠤᠷᠠᠬᠢ ᠤᠰᠤᠨ᠎ᠤ 371 ᠬᠠᠮᠢᠶᠠᠷᠤᠯᠲᠠ ᠵᠢᠨ ᠨᠢᠭᠡᠴᠢ ᠵᠢᠨ 2022 ᠣᠨ᠎ᠤ ᠤᠰᠤᠨ᠎ᠤ ᠬᠡᠮᠵᠢᠶ᠎ᠡ ᠪᠠ ᠤᠰᠤᠨ ᠲᠦᠪᠰᠢᠨ᠎ᠢ ᠡᠵᠡᠮᠳᠡᠬᠦ ᠠᠵᠢᠯ᠎ᠳᠤ ᠦᠨᠡᠯᠡᠨ ᠵᠢᠱ᠌ᠢᠯᠲᠡ ᠬᠢᠵᠦ᠂ ᠤᠰᠤᠨ ᠠᠰᠢᠭᠯᠠᠯᠲᠠ ᠵᠢᠨ ᠶᠠᠮᠤᠨ᠎ᠲᠠᠢ ᠬᠠᠮᠵᠢᠯᠴᠠᠨ ᠰᠢᠨ᠎ᠡ ᠨᠢᠭᠡ ᠡᠭᠡᠯᠵᠢ ᠵᠢᠨ ᠭᠠᠵᠠᠷ ᠳᠤᠤᠷᠠᠬᠢ ᠤᠰᠤ ᠵᠢ ᠬᠡᠲᠦ ᠮᠠᠯᠲᠠᠭᠰᠠᠨ ᠣᠷᠣᠨ᠎ᠤ ᠬᠡᠪᠴᠢᠶᠡᠨ᠎ᠳᠤ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠪᠠ᠃ ᠡᠭᠦᠨ᠎ᠤ ᠬᠠᠮᠲᠤ᠂ ᠬᠠᠲᠤᠨ ᠭᠤᠤᠯ᠎ᠤᠨ ᠲᠠᠩ᠎ᠤᠨ ᠣᠷᠣᠨ᠎ᠤ ᠰᠠᠭᠤᠭ᠋ᠠᠯᠢ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ ᠴᠢᠬᠤᠯᠠ ᠠᠬᠢᠴᠠ᠎ᠲᠠᠢ ᠪᠣᠯᠵᠣ᠂ 770 ᠡᠷᠦᠬᠡ ᠵᠢᠨ 1853 ᠬᠥᠮᠦᠨ᠎ᠢ ᠨᠡᠭᠦᠯᠭᠡᠨ ᠲᠥᠪᠬᠢᠨᠡᠭᠦᠯᠬᠦ ᠡᠭᠦᠷᠭᠡ ᠵᠢ ᠤᠷᠢᠳᠴᠢᠯᠠᠨ ᠪᠡᠶᠡᠯᠡᠭᠦᠯᠪᠡ᠃ ᠰᠢᠨ᠎ᠡ ᠴᠠᠭ ᠦᠶ᠎ᠡ ᠵᠢᠨ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠦᠯ᠎ᠢ ᠨᠡᠶ᠋ᠢᠲᠡᠯᠡᠵᠦ᠂ ᠠᠷᠪᠠᠨ ᠶᠡᠬᠡ ᠬᠥᠨᠳᠡᠶ ᠵᠢ ᠶᠡᠷᠦᠩᠬᠡᠶ᠋ᠢᠯᠡᠨ ᠵᠠᠰᠠᠬᠤ ᠲᠥᠯᠥᠪᠵᠢᠭᠦᠯᠭᠡ ᠵᠢ ᠵᠠᠰᠠᠨ ᠨᠠᠶ᠋ᠢᠷᠠᠭᠤᠯᠵᠤ᠂ ᠪᠥᠬᠥ ᠣᠷᠣᠨ᠎ᠤ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠲᠠᠯᠠᠪᠠᠶ 1163 ᠲᠦᠮᠡᠨ ᠮᠥ᠍ ᠪᠠᠶ᠋ᠢᠵᠤ᠂ ᠵᠠᠯᠠᠶ᠋ᠢᠳ ᠬᠣᠰᠢᠭᠤ᠂ ᠲᠦᠴᠢᠦᠸᠠᠨ ᠰᠢᠶᠠᠨ ᠪᠠ ᠬᠠᠩᠭᠢᠨ ᠬᠣᠰᠢᠭᠤ ᠵᠢ ᠤᠯᠤᠰ᠎ᠤᠨ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠭᠰᠠᠨ ᠵᠢᠱ᠌ᠢᠶ᠎ᠡ ᠦᠵᠡᠭᠦᠯᠬᠦ ᠰᠢᠶᠠᠨ ᠵᠶ᠋ᠠᠷ ᠲᠣᠭᠲᠠᠭ᠋ᠠᠪᠠ᠃
     ᠮᠠᠨ᠎ᠤ ᠣᠷᠣᠨ ᠭᠤᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠤᠰᠤ ᠨᠥᠬᠥᠪᠥᠷᠢᠯᠡᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ 2023 ᠣᠨ᠎ᠤ ᠬᠥᠯᠥᠨ ᠨᠠᠭᠤᠷ᠎ᠤᠨ ᠤᠰᠤᠨ ᠣᠷᠣᠨ᠎ᠤ ᠲᠠᠯᠠᠪᠠᠶ ᠵᠢ ᠦᠷᠭᠦᠯᠵᠢᠯᠡᠨ ᠵᠦᠶ ᠵᠣᠬᠢᠰᠲᠠᠶ ᠬᠡᠪᠴᠢᠶᠡᠨ᠎ᠳᠤ ᠪᠠᠶ᠋ᠢᠯᠭ᠋ᠠᠵᠤ᠂ ᠤᠯᠠᠭ᠋ᠠᠨᠰᠤᠬᠠᠢ ᠨᠠᠭᠤᠷ᠎ᠲᠤ 4 . 87 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠥᠷᠢᠯᠡᠵᠦ᠂   ᠲᠠᠭ᠎ᠠ ᠵᠢᠨ ᠨᠠᠭᠤᠷ᠎ᠤᠨ ᠠᠮᠢ ᠠᠬᠤᠶ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠰᠤ ᠨᠥᠬᠥᠪᠥᠷᠢᠯᠡᠬᠦ ᠢᠨᠵᠧᠨᠧᠷᠢᠩ ᠨᠢᠭᠡᠨᠲᠡ 2800 ᠭᠠᠷᠤᠶ ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠥᠷᠢᠯᠡᠵᠦ᠂ ᠰᠤᠪᠨᠠᠭᠤᠷ᠎ᠤᠨ 19 ᠵᠢᠯ ᠳᠠᠷᠠᠭ᠋ᠠᠯᠠᠨ ᠰᠢᠷᠭᠢᠬᠦ ᠥᠬᠡᠶ ᠪᠠᠶ᠋ᠢᠬᠤ ᠵᠢ ᠪᠡᠶᠡᠯᠡᠭᠦᠯᠪᠡ᠃ ᠴᠠᠭ᠋ᠠᠨᠨᠠᠭᠤᠷ᠎ᠤᠨ ᠰᠠᠪᠠ ᠭᠠᠵᠠᠷ᠎ᠤᠨ ᠬᠠᠮᠵᠢᠯᠴᠠᠨ ᠬᠠᠮᠲᠤᠪᠠᠷ ᠵᠠᠰᠠᠬᠤ ᠠᠵᠢᠯ᠎ᠢ ᠭᠦᠨᠵᠡᠭᠡᠶ᠋ᠢᠷᠡᠭᠦᠯᠵᠦ᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠾᠸᠪᠸᠢ ᠮᠤᠵᠢ᠎ᠲᠠᠢ ᠬᠠᠮᠲᠤᠪᠠᠷ ᠡᠳ᠋ᠯᠡᠬᠦ ᠵᠢ ᠪᠡᠶᠡᠯᠡᠭᠦᠯᠵᠦ᠂ ᠭᠠᠵᠠᠷ ᠳᠣᠣᠷᠠᠬᠢ ᠤᠰᠤᠨ ᠲᠦᠪᠰᠢᠨ ᠳᠣᠷᠣᠭᠰᠢᠯᠠᠬᠤ ᠬᠠᠨᠳᠤᠰᠢ ᠵᠢ ᠵᠣᠭᠰᠣᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠥᠪᠥᠷ ᠮᠣᠩᠭᠣᠯ᠎ᠤᠨ ᠺᠧ ᠴᠢᠨ ᠸᠠᠨ ᠵᠢᠶᠠ ᠢᠳᠡᠭᠡᠨ᠎ᠤ ᠬᠢᠵᠠᠭ᠋ᠠᠷᠲᠤ ᠺᠣᠮᠫᠠᠨᠢ᠎ᠳᠤ ᠬᠦᠷᠴᠦ ᠣᠢ ᠰᠢᠭᠤᠶ ᠵᠢᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠲᠥᠷᠥᠯ ᠵᠦᠢ᠍ᠯ᠎ᠢ ᠪᠠᠶ᠋ᠢᠴᠠᠭ᠋ᠠᠨ ᠰᠤᠳᠤᠯᠪᠠ
ᠣᠷᠳᠣᠰ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠪᠠᠶ᠋ᠢᠴᠠᠭ᠋ᠠᠨ ᠰᠢᠯᠭ᠋ᠠᠬᠤ ᠲᠥᠪ᠎ᠤᠨ ᠳᠠᠭ᠋ᠠᠭ᠋ᠠᠴᠢᠯᠠᠭᠰᠠᠨ ᠲᠥᠷᠥᠯ ᠵᠦᠢ᠍ᠯ᠎ᠨᠢ ᠰᠢᠨᠵᠢᠯᠡᠭᠡ ᠮᠡᠷᠭᠡᠵᠢᠯ᠎ᠤᠨ ᠲᠦᠯᠦᠪᠵᠢᠬᠦᠯᠭᠡ ᠵᠢᠨ ᠲᠥᠷᠥᠯ ᠵᠦᠢ᠍ᠯ᠎ᠤᠨ ᠶᠡᠷᠦᠩᠬᠡᠶ᠋ᠢᠯᠡᠭᠰᠡᠨ ᠦᠷ᠎ᠡ ᠪᠦᠲᠦᠮᠵᠢ ᠵᠢᠨ ᠦᠨᠡᠯᠡᠯᠲᠡ ᠵᠢᠨ 《ᠰᠢᠯᠢᠳᠡᠭ》 ᠲᠠᠰ᠎ᠢ ᠬᠦᠷᠲᠡᠪᠡ
ᠬᠥᠬᠡᠬᠣᠲᠠ 2023 ᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠯᠲᠠ᠎ᠳᠤ ᠰᠢᠯᠢᠳᠡᠭ ᠵᠶ᠋ᠡᠷ ᠦᠨᠠᠯᠡᠭᠳᠡᠭᠰᠡᠨ ᠭᠠᠵᠠᠷ ᠣᠷᠣᠨ᠎ᠢ ᠬᠥᠬᠢᠭᠦᠯᠦᠨ ᠰᠠᠶ᠋ᠢᠰᠢᠶᠠᠪᠠ
ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠤᠨ ᠦᠯᠢᠭᠡᠷ ᠬᠡᠪ᠎ᠤᠨ ᠲᠠᠰᠤᠭ᠎ᠢ ᠪᠠᠶ᠋ᠢᠭᠤᠯᠵᠤ ᠳᠠᠭᠤᠰᠤᠭᠰᠠᠨ ᠪᠥᠭᠡᠳ ᠠᠰᠢᠭᠯᠠᠯᠲᠠ᠎ᠳᠤ ᠣᠷᠣᠭᠤᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠠᠭ᠋ᠠᠨᠬᠠᠳᠠ ᠬᠣᠲᠠ᠎ᠳᠤ ᠬᠦᠷᠴᠦ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠪᠠ ᠬᠣᠷᠴᠢᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠪᠠᠶ᠋ᠢᠴᠠᠭ᠋ᠠᠨ ᠰᠤᠳᠤᠯᠤᠯᠲᠠ ᠬᠢᠪᠠ
 
             蒙ICP备05000248号