ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ ᠰᠢᠨᠵᠢᠯᠡᠬᠦ ᠤᠬᠠᠭ᠋ᠠᠨᠴᠢ ᠬᠠᠮᠠᠭ᠋ᠠᠯᠠᠯᠲᠠ ᠬᠠᠮᠢᠶᠠᠷᠤᠯᠲᠠ᠎ᠪᠠᠷ ᠨᠤᠲᠤᠭ ᠪᠡᠯᠴᠢᠭᠡᠷ᠎ᠤᠨ ᠰᠡᠷᠭᠦᠭᠡᠯᠲᠡ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2024-02-02


  
    ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠶ᠋ᠢᠯᠠᠭ᠋ᠠᠭᠰᠠᠨ ᠵᠶ᠋ᠠᠷ᠂ ᠣᠶ᠋ᠢᠷ᠎ᠠ ᠵᠢᠨ ᠵᠢᠯ᠎ᠤᠳ᠎ᠲᠤ ᠥᠪᠥᠷ ᠮᠣᠩᠭᠤᠯ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠬᠥᠭᠵᠢᠯᠲᠡ ᠵᠢ ᠨᠢᠭᠡᠳᠦᠯᠲᠡᠢ ᠲᠥᠯᠥᠪᠯᠡᠨ᠂ ᠪᠡᠯᠴᠢᠭᠡᠷᠯᠡᠭᠦᠯᠬᠦ ᠵᠢ ᠵᠣᠭᠰᠣᠭ᠋ᠠᠭᠰᠠᠨ ᠣᠷᠣᠨ ᠪᠠ ᠮᠠᠯ ᠪᠡᠯᠴᠢᠭᠡᠷ᠎ᠢ ᠲᠡᠩᠴᠡᠭᠦᠷᠢᠲᠡᠢ ᠪᠠᠶ᠋ᠢᠯᠭ᠋ᠠᠬᠤ ᠣᠷᠣᠨ᠎ᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠬᠤ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠬᠢᠨᠠᠨ ᠬᠠᠮᠢᠶᠠᠷᠬᠤ ᠠᠵᠢᠯ᠎ᠢ ᠥᠷᠨᠢᠭᠦᠯᠵᠦ᠎ᠪᠠᠷ ᠳᠠᠮᠵᠢᠭᠤᠯᠤᠨ ᠨᠤᠲᠤᠭ ᠪᠡᠯᠴᠢᠭᠡᠷ᠎ᠤᠨ ᠰᠡᠷᠭᠦᠭᠡᠯᠲᠡ ᠵᠢ ᠪᠦᠲᠦᠮᠵᠢᠲᠡᠶ ᠠᠬᠢᠭᠤᠯᠤᠭᠰᠠᠨ ᠪᠠᠶ᠋ᠢᠨ᠎ᠠ᠃
    《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ᠎ᠢ ᠰᠡᠷᠭᠦᠭᠡᠬᠦ ᠳᠦᠷᠢᠮ》 ᠶᠣᠰᠣᠭ᠋ᠠᠷ᠂ ᠪᠥᠬᠦ ᠣᠷᠣᠨ᠎ᠤ 3.8 ᠳ᠋ᠦᠩᠰᠢᠭᠤᠷ ᠮᠦ᠍ ᠨᠤᠲᠤᠭ ᠪᠡᠯᠴᠢᠭᠡᠷ᠎ᠢ 5 ᠵᠢᠯ᠎ᠤᠨ ᠰᠡᠷᠭᠦᠭᠡᠯᠲᠡ ᠵᠢᠨ ᠬᠤᠭᠤᠴᠠᠭ᠋ᠠᠨ᠎ᠳᠤ ᠣᠷᠣᠭᠤᠯᠵᠤ᠂ ᠪᠡᠯᠴᠢᠭᠡᠷᠯᠡᠭᠦᠯᠬᠦ ᠵᠢ ᠵᠣᠭᠰᠣᠭ᠋ᠠᠭᠰᠠᠨ ᠣᠷᠣᠨ᠎ᠠᠴᠠ ᠪᠣᠰᠣᠳ᠎ᠲᠤ᠎ᠨᠢ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠪᠥᠬᠦ ᠲᠠᠯ᠎ᠠ᠎ᠪᠠᠷ ᠬᠡᠷᠡᠭᠵᠢᠭᠦᠯᠪᠡ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠣᠷᠣᠨ᠎ᠳᠤ ᠵᠢᠯ ᠪᠦᠷᠢ ᠵᠢᠨ ᠬᠠᠪᠤᠷ 45᠎ᠠᠴᠠ ᠢᠯᠡᠭᠦᠦ ᠡᠳᠦᠷ ᠪᠡᠯᠴᠢᠭᠡᠷ ᠰᠡᠷᠭᠦᠭᠡᠬᠦ ᠵᠢ ᠬᠡᠷᠡᠭᠵᠢᠭᠦᠯᠦᠨ᠂ ᠡᠪᠡᠰᠦ ᠪᠡᠯᠴᠢᠭᠡᠷ᠎ᠤᠨ ᠨᠣᠭᠤᠭ᠋ᠠᠷᠠᠯᠲᠠ ᠵᠢ ᠦᠨᠡᠨ ᠬᠦ᠌ ᠪᠠᠲᠤᠯᠠᠵᠤ ᠪᠠᠶ᠋ᠢᠨ᠎ᠠ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠥᠬᠦ ᠣᠷᠣᠨ᠎ᠤ ᠨᠤᠲᠤᠭ ᠪᠡᠯᠴᠢᠭᠡᠷ᠎ᠲᠤ ᠮᠠᠯ ᠪᠡᠯᠴᠢᠭᠡᠷ᠎ᠤᠨ ᠲᠡᠩᠴᠡᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ᠎ᠢ ᠥᠷᠨᠢᠭᠦᠯᠵᠦ᠂ ᠭᠠᠴᠠᠭ᠎ᠠ ᠲᠣᠰᠬᠤᠨ᠎ᠤ ᠱᠠᠲᠤᠨ᠎ᠳᠤ ᠬᠦᠷᠲᠡᠯ᠎ᠡ ᠨᠠᠷᠢᠯᠢᠭᠵᠢᠭᠤᠯᠤᠭᠰᠠᠨ ᠰᠡᠷᠡᠮᠵᠢᠯᠡᠭᠦᠯᠬᠦ ᠵᠢᠷᠤᠭ ᠱᠤᠭᠤᠮ᠎ᠢ ᠪᠣᠶ ᠪᠣᠯᠭ᠋ᠠᠭ᠋ᠠᠳ᠂ ᠰᠢᠨᠵᠢᠯᠡᠬᠦ ᠤᠬᠠᠭ᠋ᠠᠨᠴᠢ᠎ᠪᠠᠷ ᠪᠡᠯᠴᠢᠭᠡᠷᠯᠡᠭᠦᠯᠬᠦ ᠵᠢ ᠵᠢᠯᠤᠭᠤᠳᠬᠤ ᠪᠠ ᠳᠠᠭ᠋ᠠᠭ᠋ᠠᠴᠠ᠎ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ᠎ᠢ᠎ᠨᠢ ᠭᠤᠣᠯᠳᠠᠯᠭ᠎ᠠ᠎ᠲᠠᠢ ᠲᠣᠭᠤᠷᠢᠨ ᠪᠠᠶ᠋ᠢᠴᠠᠭ᠋ᠠᠬᠤ ᠣᠷᠣᠨ ᠪᠦᠰᠡ ᠵᠢ ᠲᠣᠳᠣᠷᠬᠠᠶ᠋ᠢᠯᠠᠬᠤ᠎ᠳᠤ ᠰᠠᠭᠤᠷᠢ ᠲᠤᠭ᠎ᠠ ᠪᠠᠷᠢᠮᠲᠠ ᠵᠢ ᠬᠠᠩᠭ᠋ᠠᠵᠠᠢ᠃ ᠨᠤᠲᠤᠭ ᠪᠡᠯᠴᠢᠭᠡᠷ᠎ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠲᠣᠭ᠋ᠠᠵᠢᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠬᠦ ᠵᠢᠨ ᠲᠥᠯᠥᠭᠡ᠂ ᠮᠠᠨ᠎ᠤ ᠣᠷᠣᠨ ᠨᠤᠲᠤᠭ ᠪᠡᠯᠴᠢᠭᠡᠷ᠎ᠤᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢ ᠥᠷᠨᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠠᠮᠢ ᠠᠬᠤᠢ ᠵᠢᠨ ᠲᠣᠭ᠋ᠠᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠲᠠᠪᠴᠠᠩ》᠎ᠢ ᠪᠠᠶ᠋ᠢᠭᠤᠯᠵᠠᠢ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠵᠢᠨ ᠭᠤᠤᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ ᠥᠪᠥᠷ ᠮᠣᠩᠭᠣᠯ᠎ᠤᠨ ᠢᠦᠶ ᠬᠠᠩ ᠷᠧᠨ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠠᠷᠠᠯᠵᠢᠶ᠎ᠠ ᠬᠥᠩᠭᠡᠨ ᠨᠡᠬᠡᠮᠡᠯ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠵᠢᠨ ᠠᠵᠢᠯᠴᠢᠨ᠎ᠤ ᠡᠪᠯᠡᠯ ᠪᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠠᠵᠢᠯᠴᠢᠨ᠎ᠤ ᠡᠪᠯᠡᠯ ᠣᠶ ᠰᠢᠭᠤᠶ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠳᠤ ᠬᠦᠷᠴᠦ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠢ ᠲᠣᠬᠣᠨᠢᠭᠤᠯᠬᠤ ᠠᠵᠢᠯᠯᠠᠭ᠎ᠠ ᠶᠠᠪᠤᠭᠳᠠᠭᠤᠯᠪᠠ
2024 ᠣᠨ᠎ᠳᠤ ᠥᠪᠥᠷ ᠮᠣᠩᠭᠤᠯ 1500 ᠲᠦᠮᠡᠨ ᠮᠦ᠍᠎ᠠᠴᠠ ᠳᠡᠭᠡᠭᠰᠢ ᠡᠯᠡᠰᠦᠷᠡᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ᠎ᠪᠠᠷ ᠲᠥᠯᠥᠪᠯᠡᠵᠦ ᠪᠣᠶ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠢ ᠪᠣᠯᠭᠣᠭ᠋ᠠᠨ ᠲᠣᠬᠣᠨᠢᠭᠤᠯᠪᠠ
ᠮᠠᠨ᠎ᠤ ᠣᠷᠣᠨ᠎ᠤ 434 ᠭᠤᠤᠯ ᠮᠥᠷᠡᠨ ᠨᠠᠭᠤᠷ ᠴᠥᠭᠥᠷᠥᠮ᠎ᠳᠤ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠶ᠋ᠢᠭᠤᠯᠪᠠ
 
             蒙ICP备05000248号