ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠢᠩᠭ᠋ᠠᠨ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠥᠪᠥᠷ ᠮᠣᠩᠭᠣᠯ᠎ᠤᠨ ᠺᠧ ᠴᠢᠨ ᠸᠠᠨ ᠵᠢᠶᠠ ᠢᠳᠡᠭᠡᠨ᠎ᠤ ᠬᠢᠵᠠᠭ᠋ᠠᠷᠲᠤ ᠺᠣᠮᠫᠠᠨᠢ᠎ᠳᠤ ᠬᠦᠷᠴᠦ ᠣᠢ ᠰᠢᠭᠤᠶ ᠵᠢᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠲᠥᠷᠥᠯ ᠵᠦᠢ᠍ᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-02-22


    ᠨᠤᠲᠤᠭ᠎ᠤᠨ ᠣᠨᠴᠠ ᠭᠠᠷᠤᠯᠲᠠ ᠵᠢᠨ ᠬᠥᠭᠵᠢᠯᠲᠡ ᠵᠢᠨ 《ᠬᠡᠪᠴᠢᠶᠡᠵᠢᠭᠦᠯᠬᠦ᠂ ᠠᠵᠤ ᠦᠢ᠍ᠯᠡᠰᠵᠢᠭᠦᠯᠬᠦ᠂ ᠲᠥᠷᠥᠯ ᠲᠡᠮᠳᠡᠭᠵᠢᠭᠦᠯᠬᠦ》 ᠱᠠᠭ᠋ᠠᠷᠳᠠᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠨᠤᠲᠤᠭ᠎ᠤᠨ ᠣᠨᠴᠠ ᠭᠠᠷᠤᠯᠲᠠ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ 2 ᠰᠠᠷ᠎ᠠ ᠵᠢᠨ 18᠎ᠤ ᠡᠳᠦᠷ᠂ ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠭᠡᠷᠡᠴᠢᠯᠡᠯᠲᠡ ᠬᠥᠭᠵᠢᠯᠲᠡ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶ᠎ᠠ ᠪᠥᠬᠥᠶ ᠠᠵᠢᠯᠲᠠᠨ ᠤᠯᠠᠭ᠋ᠠᠨᠬᠣᠲᠠ ᠵᠢᠨ ᠢᠯᠠᠯᠲᠠ ᠪᠠᠯᠭ᠋ᠠᠰᠤᠨ᠎ᠤ ᠺᠧ ᠴᠢᠨ ᠸᠠᠨ ᠵᠢᠶᠠ ᠣᠶ ᠰᠢᠭᠤᠢ ᠵᠢᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠲᠥᠷᠥᠯ ᠵᠦᠢ᠍ᠯ᠎ᠳᠤ ᠬᠦᠷᠴᠦ ᠪᠠᠢ᠌ᠴᠠᠭ᠋ᠠᠨ ᠰᠤᠳᠤᠯᠤᠯᠳᠠ ᠬᠢᠪᠠ᠃ ᠤᠯᠠᠭ᠋ᠠᠨᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠥᠳ᠂ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ ᠵᠢᠴᠢ ᠬᠠᠮᠢᠶ᠎ᠠ ᠪᠥᠬᠥᠶ ᠠᠵᠢᠯᠲᠠᠨ᠎ᠤ ᠪᠠᠷ᠎ᠠ ᠪᠤᠯᠵᠤ ᠤᠷᠤᠯᠴᠠᠪᠠ᠃


W020240221594372354171.jpg



      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠶᠠᠷᠢᠯᠴᠠᠭ᠎ᠠ ᠪᠠ ᠲᠤᠬᠠᠶ ᠵᠢᠨ ᠭᠠᠵᠠᠷ᠎ᠲᠤᠨᠢ ᠰᠤᠷᠪᠤᠯᠵᠢᠯᠠᠬᠤ᠎ᠪᠠᠷ ᠳᠡᠮᠵᠢᠨ᠂ ᠰᠡᠩᠳᠥᠩ ᠮᠤᠳᠤᠨ᠎ᠤ ᠵᠢᠮᠢᠰ᠎ᠤᠨ ᠲᠤᠰᠤᠨ᠎ᠤ ᠰᠢᠨ᠎ᠡ ᠦᠢ᠍ᠯᠡᠳᠬᠦᠨ᠎ᠤ ᠣᠲᠣ ᠵᠢᠨ  ᠦᠢ᠍ᠯᠡᠳᠪᠦᠷᠢᠯᠡᠯ᠎ᠤᠨ ᠱᠤᠭᠤᠮ᠎ᠢ ᠥᠷᠭᠡᠳᠬᠡᠨ ᠪᠠᠶ᠋ᠢᠭᠤᠯᠬᠤ᠂ ᠦᠢ᠍ᠯᠡᠳᠬᠦᠨ᠎ᠤ ᠪᠣᠭᠣᠳᠠᠯ ᠪᠠᠭᠯᠠᠭ᠎ᠠ ᠵᠢᠴᠢ ᠰᠢᠨ᠎ᠡ ᠦᠢ᠍ᠯᠡᠳᠬᠦᠨ᠎ᠢ ᠰᠤᠳᠤᠯᠤᠨ ᠨᠡᠭᠡᠭᠡᠬᠦ ᠪᠠ ᠠᠵᠤ ᠠᠬᠤᠶ᠋ᠢᠯᠠᠯ᠎ᠤᠨ ᠠᠶᠤᠯ ᠥᠬᠡᠶ  ᠦᠢ᠍ᠯᠡᠳᠪᠦᠷᠢᠯᠡᠯ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠤᠭᠰᠠᠨ ᠪᠥᠭᠡᠳ ᠺᠧ ᠴᠢᠨ ᠸᠠᠨ ᠵᠢᠶᠠ ᠰᠠᠩᠳᠦᠩ ᠮᠤᠳᠤᠨ᠎ᠤ ᠲᠣᠰᠣᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠲᠤ ᠬᠦᠷᠴᠦ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠲᠠᠰᠤᠭ᠎ᠢ ᠲᠣᠭᠣᠷᠢᠨ ᠦᠵᠡᠵᠦ᠂ ᠰᠠᠩᠳᠦᠩ ᠮᠤᠳᠤᠨ᠎ᠤ ᠵᠢᠮᠢᠰ᠎ᠤᠨ ᠲᠦᠭᠦᠬᠡᠶ ᠮᠠᠲ᠋ᠧᠷᠢᠶᠠᠯ ᠵᠢᠴᠢ ᠪᠦᠲᠦᠭᠡᠭᠳᠡᠬᠦᠨ᠎ᠤ ᠡᠯ᠎ᠡ ᠭᠣᠭᠴᠣᠭ᠎ᠠ ᠬᠦᠷᠲᠡᠯᠡᠬᠢ ᠦᠢ᠍ᠯᠡᠳᠪᠦᠷᠢᠯᠡᠯ᠎ᠤᠨ ᠪᠠᠢ᠌ᠳᠠᠯ᠎ᠢ ᠣᠶ᠋ᠢᠯᠠᠭ᠋ᠠᠪᠠ᠃ ᠬᠢᠩᠭ᠋ᠠᠨ ᠠᠶ᠋ᠢᠮᠠᠭ᠎ᠲᠤ ᠰᠠᠩᠳᠦᠩ ᠮᠤᠳᠤᠨ᠎ᠤ ᠵᠢᠮᠢᠰ᠎ᠤᠨ ᠰᠠᠭᠤᠷᠢᠨ ᠭᠠᠵᠠᠷ 14 . 8 ᠲᠦᠮᠡᠨ ᠮᠥ᠍᠂ 2024 ᠣᠨ᠎ᠳᠤ ᠰᠠᠩᠳᠦᠩ ᠮᠤᠳᠤ ᠵᠢ 4 . 65 ᠲᠦᠮᠡᠨ ᠮᠥ᠍ ᠰᠢᠨ᠎ᠡ᠎ᠪᠠᠷ ᠳᠠᠷᠢᠬᠤ᠎ᠪᠠᠷ ᠲᠥᠯᠥᠪᠯᠡᠵᠦ ᠪᠣᠶ᠃ ᠣᠶ᠋ᠢᠯᠠᠭ᠋ᠠᠭᠰᠠᠨ ᠵᠶ᠋ᠠᠷ᠂ ᠥᠪᠥᠷ ᠮᠣᠩᠭᠣᠯ᠎ᠤᠨ ᠺᠧ ᠴᠢᠨ ᠸᠠᠨ ᠵᠢᠶᠠ ᠺᠣᠮᠫᠠᠨᠢ᠎ᠨᠢ ᠰᠠᠩᠳᠦᠩ ᠮᠤᠳᠤᠨ᠎ᠤ ᠠᠵᠤ ᠦᠢ᠍ᠯᠡᠰ᠎ᠤᠨ  ᠦᠢ᠍ᠯᠡᠳᠪᠦᠷᠢᠯᠡᠯ᠎ᠤᠨ ᠬᠡᠯᠬᠢᠶ᠎ᠡ ᠵᠢ ᠦᠷᠭᠦᠯᠵᠢᠯᠡᠨ ᠲᠡᠭᠦᠯᠳᠡᠷᠵᠢᠭᠦᠯᠵᠦ᠂ 4415 ᠲᠡᠭᠰᠢ ᠳᠥᠷᠪᠡᠯᠵᠢᠨ ᠮᠧᠲᠷ᠎ᠤᠨ ᠦᠢ᠍ᠯᠡᠳᠪᠦᠷᠢ ᠵᠢᠨ ᠬᠡᠷ ᠪᠠᠶ᠋ᠢᠰᠢᠩ᠂ ᠰᠠᠩᠳᠦᠩ ᠮᠤᠳᠤᠨ᠎ᠤ ᠵᠢᠮᠢᠰ᠎ᠤᠨ  ᠲᠣᠰᠣ ᠰᠠᠪᠠᠯᠠᠬᠤ 2 ᠦᠢ᠍ᠯᠡᠳᠪᠦᠷᠢᠯᠡᠯ᠎ᠤᠨ ᠱᠤᠭᠤᠮ᠂ᠰᠠᠩᠳᠦᠩ ᠮᠤᠳᠤᠨ᠎ᠤ ᠵᠢᠮᠢᠰ᠎ᠤᠨ ᠲᠣᠰᠣᠨ᠎ᠤ ᠬᠤᠮᠵᠢᠶ᠎ᠠ ᠪᠣᠯᠤᠨ ᠤᠭᠤᠷᠠᠭ ᠠᠭᠤᠯᠬᠤ ᠢᠯᠲᠠᠰᠤ ᠵᠢᠨ ᠦᠢ᠍ᠯᠡᠳᠪᠦᠷᠢᠯᠡᠯ᠎ᠤᠨ ᠱᠤᠭᠤᠮ᠎ᠢ ᠲᠣᠰ ᠲᠣᠰ 1 ᠵᠤᠷᠪᠤᠰ ᠰᠢᠨ᠎ᠡ᠎ᠪᠠᠷ ᠪᠠᠶ᠋ᠢᠭᠤᠯᠬᠤ᠎ᠪᠠᠷ ᠲᠥᠯᠥᠪᠯᠡᠵᠦ᠂ ᠵᠢᠱ᠌ᠢᠯᠲᠡ᠎ᠪᠠᠷ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠵᠢᠯ᠎ᠤᠨ ᠪᠣᠷᠣᠯᠠᠭᠤᠯᠭ᠎ᠠ ᠵᠢᠨ ᠦᠢ᠍ᠯᠡᠳᠬᠦᠨ᠎ᠤ ᠥᠷᠲᠡᠭ᠎ᠢ 1 . 84 ᠳ᠋ᠦᠩᠰᠢᠭᠤᠷ ᠲᠥᠭᠥᠷᠢᠭ ᠪᠡᠶᠡᠯᠡᠭᠦᠯᠵᠦ᠂ 500 ᠭᠠᠷᠤᠶ ᠠᠵᠢᠯ᠎ᠤᠨ ᠪᠠᠶ᠋ᠢᠷᠢ ᠬᠠᠩᠭ᠋ᠠᠵᠤ᠂ ᠬᠥᠮᠦᠨ ᠳᠤᠮᠳᠠᠴᠢ ᠵᠢᠨ ᠣᠷᠣᠯᠭ᠎ᠠ ᠵᠢ 6 ᠲᠦᠮᠡᠨ ᠲᠥᠭᠥᠷᠢᠭ ᠨᠡᠮᠡᠭᠳᠡᠭᠦᠯᠬᠦ ᠪᠣᠯᠤᠨ᠎ᠠ᠃


W020240221594372397425.jpg



      ᠲᠠᠷᠠᠭ᠋ᠠᠴᠢ ᠵᠢᠨ ᠠᠯᠬᠤᠮ᠎ᠳᠤ᠂ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠦᠷᠭᠦᠯᠵᠢᠯᠡᠨ ᠰᠡᠩᠳᠥᠩ ᠮᠤᠳᠤᠨ᠎ᠤ ᠵᠢᠮᠢᠰ᠎ᠤᠨ ᠲᠣᠰᠣ ᠵᠡᠷᠭᠡ ᠮᠣᠳᠣᠯᠢᠭ ᠲᠣᠰᠣᠨ᠎ᠤ ᠮᠠᠲ᠋ᠧᠷᠢᠶᠠᠯ ᠵᠶ᠋ᠠᠷ ᠭᠠᠷᠳᠠᠴᠠ ᠪᠣᠯᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠣᠨᠴᠠ ᠭᠠᠷᠤᠯᠲᠠ ᠵᠢ  ᠦᠢ᠍ᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠠᠳᠬᠤᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠵᠦ᠂ 《ᠠᠵᠤ ᠠᠬᠤᠶ᠋ᠢᠯᠠᠯ᠎ᠤᠨ ᠠᠰᠢᠭ᠎ᠢ ᠨᠡᠮᠡᠭᠳᠡᠭᠦᠯᠵᠦ᠂ ᠠᠷᠠᠳ ᠣᠯᠠᠨ᠎ᠤ ᠣᠷᠣᠯᠭ᠎ᠠ ᠵᠢ ᠨᠡᠮᠡᠭᠳᠡᠭᠦᠯᠦᠨ᠎ᠡ》᠃


W020240221594372422688.jpg

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠪᠠᠶ᠋ᠢᠴᠠᠭ᠋ᠠᠨ ᠰᠢᠯᠭ᠋ᠠᠬᠤ ᠲᠥᠪ᠎ᠤᠨ ᠳᠠᠭ᠋ᠠᠭ᠋ᠠᠴᠢᠯᠠᠭᠰᠠᠨ ᠲᠥᠷᠥᠯ ᠵᠦᠢ᠍ᠯ᠎ᠨᠢ ᠰᠢᠨᠵᠢᠯᠡᠭᠡ ᠮᠡᠷᠭᠡᠵᠢᠯ᠎ᠤᠨ ᠲᠦᠯᠦᠪᠵᠢᠬᠦᠯᠭᠡ ᠵᠢᠨ ᠲᠥᠷᠥᠯ ᠵᠦᠢ᠍ᠯ᠎ᠤᠨ ᠶᠡᠷᠦᠩᠬᠡᠶ᠋ᠢᠯᠡᠭᠰᠡᠨ ᠦᠷ᠎ᠡ ᠪᠦᠲᠦᠮᠵᠢ ᠵᠢᠨ ᠦᠨᠡᠯᠡᠯᠲᠡ ᠵᠢᠨ 《ᠰᠢᠯᠢᠳᠡᠭ》 ᠲᠠᠰ᠎ᠢ ᠬᠦᠷᠲᠡᠪᠡ
ᠬᠥᠬᠡᠬᠣᠲᠠ 2023 ᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠯᠲᠠ᠎ᠳᠤ ᠰᠢᠯᠢᠳᠡᠭ ᠵᠶ᠋ᠡᠷ ᠦᠨᠠᠯᠡᠭᠳᠡᠭᠰᠡᠨ ᠭᠠᠵᠠᠷ ᠣᠷᠣᠨ᠎ᠢ ᠬᠥᠬᠢᠭᠦᠯᠦᠨ ᠰᠠᠶ᠋ᠢᠰᠢᠶᠠᠪᠠ
ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠤᠨ ᠦᠯᠢᠭᠡᠷ ᠬᠡᠪ᠎ᠤᠨ ᠲᠠᠰᠤᠭ᠎ᠢ ᠪᠠᠶ᠋ᠢᠭᠤᠯᠵᠤ ᠳᠠᠭᠤᠰᠤᠭᠰᠠᠨ ᠪᠥᠭᠡᠳ ᠠᠰᠢᠭᠯᠠᠯᠲᠠ᠎ᠳᠤ ᠣᠷᠣᠭᠤᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠠᠭ᠋ᠠᠨᠬᠠᠳᠠ ᠬᠣᠲᠠ᠎ᠳᠤ ᠬᠦᠷᠴᠦ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠪᠠ ᠬᠣᠷᠴᠢᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠪᠠᠶ᠋ᠢᠴᠠᠭ᠋ᠠᠨ ᠰᠤᠳᠤᠯᠤᠯᠲᠠ ᠬᠢᠪᠠ
ᠥᠪᠥᠷ ᠮᠣᠩᠭᠤᠯ᠎ᠤᠨ ᠴᠤᠤᠯ ᠭᠤᠣᠯ᠎ᠤᠨ ᠤᠰᠤ ᠵᠢ ᠲᠠᠲᠠᠵᠤ ᠯᠢᠶᠣᠣ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ 9 ᠵᠣᠷᠪᠤᠰ ᠰᠠᠯᠪᠤᠷᠢ ᠱᠤᠭᠤᠮ᠎ᠢ ᠪᠦᠬᠦ ᠲᠠᠯ᠎ᠠ᠎ᠪᠠᠷ ᠪᠠᠷᠢᠯᠭ᠎ᠠ ᠡᠬᠢᠯᠡᠭᠦᠯᠪᠡ
 
             蒙ICP备05000248号