ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠥᠬᠡᠬᠣᠲᠠ 2023 ᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠯᠲᠠ᠎ᠳᠤ ᠰᠢᠯᠢᠳᠡᠭ ᠵᠶ᠋ᠡᠷ ᠦᠨᠠᠯᠡᠭᠳᠡᠭᠰᠡᠨ ᠭᠠᠵᠠᠷ ᠣᠷᠣᠨ᠎ᠢ ᠬᠥᠬᠢᠭᠦᠯᠦᠨ ᠰᠠᠶ᠋ᠢᠰᠢᠶᠠᠪᠠ
ᠨᠡᠶ᠋ᠢᠲᠡᠯᠡᠭᠰᠡᠨ ᠴᠠᠭ᠄ 2024-02-27

      2 ᠰᠠᠷ᠎ᠠ ᠵᠢᠨ 23᠎ᠤ ᠡᠳᠦᠷ᠂ ᠬᠥᠬᠡᠬᠣᠲᠠ ᠪᠥᠬᠥ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠬᠤᠷᠠᠯ ᠬᠤᠷᠠᠯᠳᠤᠭᠤᠯᠵᠤ᠂ 2023 ᠣᠨ᠎ᠤ ᠪᠥᠬᠥ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠢ ᠪᠥᠬᠥ ᠲᠠᠯ᠎ᠠ᠎ᠪᠠᠷ ᠳ᠋ᠦᠩᠨᠡᠵᠦ᠂ 2024 ᠣᠨ᠎ᠤ ᠭᠤᠤᠯᠳᠠᠯᠭ᠎ᠠ᠎ᠲᠠᠢ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠤᠭᠰᠠᠨ ᠪᠥᠭᠡᠳ 2023 ᠣᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠯᠲᠠ᠎ᠳᠤ ᠰᠢᠯᠢᠳᠡᠭ ᠭᠠᠵᠠᠷ ᠣᠷᠣᠨ᠎ᠢ ᠬᠥᠬᠢᠭᠦᠯᠦᠨ ᠰᠠᠶ᠋ᠢᠰᠢᠶᠠᠪᠠ᠃ 

      《ᠬᠥᠬᠡᠬᠣᠲᠠ ᠵᠢᠨ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠬᠢᠨᠠᠨ ᠰᠢᠯᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠦᠨᠳᠦᠰᠦᠯᠡᠨ᠂ ᠬᠥᠬᠡᠬᠣᠲᠠ ᠵᠢᠨ ᠣᠶ ᠰᠢᠭᠤᠢ ᠵᠢᠨ ᠳᠠᠷᠤᠭ᠎ᠠ ᠵᠢᠨ ᠠᠯᠪᠠᠨ ᠬᠡᠷ ᠠᠵᠢᠯ᠎ᠤᠨ ᠪᠠᠲᠤᠯᠠᠭ᠎ᠠ᠂ ᠡᠬᠢ ᠪᠠᠶᠠᠯᠢᠭ᠎ᠤᠨ ᠬᠠᠮᠠᠭ᠋ᠠᠯᠠᠯᠲᠠ᠂ ᠭᠤᠤᠯᠳᠠᠯᠭ᠎ᠠ᠎ᠲᠠᠢ ᠲᠥᠷᠥᠯ ᠵᠦᠢ᠍ᠯ ᠵᠡᠷᠭᠡ 9 ᠵᠦᠢ᠍ᠯ 74 ᠵᠤᠷᠪᠤᠰ᠎ᠤᠨ ᠬᠢᠨᠠᠨ ᠰᠢᠯᠭ᠋ᠠᠬᠤ ᠨᠠᠷᠢᠨ ᠲᠦᠷᠢᠮ ᠶᠣᠰᠣᠭ᠋ᠠᠷ ᠪᠥᠬᠥ ᠬᠣᠲᠠ ᠵᠢᠨ 9 ᠬᠣᠰᠢᠭᠤ ᠰᠢᠶᠠᠨ ᠲᠣᠭᠣᠷᠢᠭ᠎ᠤᠨ 2023 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠢ ᠬᠢᠨᠠᠨ ᠰᠢᠯᠭ᠋ᠠᠵᠤ᠂ ᠬᠣᠷᠢᠨᠭᠡᠷ ᠰᠢᠶᠠᠨ᠂ ᠦᠴᠦᠸᠠᠨ ᠰᠢᠶᠠᠨ᠂ ᠰᠠᠶ᠋ᠢᠬᠠᠨ ᠲᠣᠭᠣᠷᠢᠭ᠂ ᠴᠢᠩ ᠱᠦᠶ ᠾᠧ ᠰᠢᠶᠠᠨ ᠵᠡᠷᠭᠡ 4 ᠭᠠᠵᠠᠷ ᠣᠷᠣᠨ ᠰᠢᠯᠢᠳᠡᠭ ᠵᠶ᠋ᠠᠷ ᠦᠨᠡᠯᠡᠭᠳᠡᠪᠡ᠃

2.jpg 

(2023 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠢᠨᠠᠨ ᠰᠢᠯᠭ᠋ᠠᠭᠰᠠᠨ ᠰᠢᠯᠢᠳᠡᠭ ᠭᠠᠵᠠᠷ ᠣᠷᠣᠨ᠎ᠳᠤ ᠱᠠᠩᠨᠠᠯ ᠣᠯᠭᠣᠨ᠎ᠠ)᠃ 

      ᠬᠤᠷᠠᠯ᠎ᠠᠴᠠ᠂ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠯᠲᠠ᠎ᠳᠤ ᠡᠯ᠎ᠡ ᠭᠠᠵᠠᠷ ᠣᠷᠣᠨ᠎ᠤ ᠨᠢᠭᠡ ᠵᠢᠯ᠎ᠤᠨ ᠲᠤᠷᠰᠢᠬᠢ ᠠᠵᠢᠯ᠎ᠤᠨ ᠦᠷ᠎ᠡ ᠪᠦᠲᠦᠮᠵᠢ ᠪᠣᠯᠤᠨ ᠬᠦᠷᠦᠯᠴᠡᠬᠦ ᠦᠭᠡᠢ ᠲᠠᠯ᠎ᠠ ᠵᠢ ᠪᠦᠬᠦ ᠲᠠᠯ᠎ᠠ᠎ᠪᠠᠷ ᠲᠤᠰᠬᠠᠪᠠ᠃ 2023 ᠣᠨ᠎ᠳᠤ ᠬᠥᠬᠡᠬᠣᠲᠠ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠭᠦᠨᠵᠡᠭᠡᠢ ᠠᠬᠢᠭᠤᠯᠤᠨ ᠪᠣᠳᠠᠲᠠᠶ᠋ᠢᠵᠢᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠪᠣᠯᠤᠨ ᠬᠥᠬᠡᠬᠣᠲᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ ᠲᠣᠭᠣᠷᠢᠨ᠎ᠳᠤ 《ᠬᠣᠶᠠᠷ ᠬᠠᠯᠬᠠᠪᠴᠢ᠂ ᠲᠦᠷᠪᠡᠨ ᠪᠦᠰᠡ》 ᠵᠢᠨ ᠠᠮᠢ ᠠᠬᠤᠢ ᠵᠢᠨ ᠣᠷᠣᠨ ᠵᠠᠢ ᠵᠢᠨ ᠪᠠᠶ᠋ᠢᠷᠢᠰᠢᠭᠤᠯᠤᠯᠲᠠ ᠵᠢᠨ ᠬᠠᠷᠠᠯᠲᠠ ᠵᠢ ᠲᠣᠭᠲᠠᠭ᠋ᠠᠵᠤ᠂ ᠪᠦᠬᠦ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠰᠢᠯᠢᠳᠡᠭ ᠦᠨᠠᠯᠡᠭᠳᠡᠭᠰᠡᠨ ᠭᠠᠵᠠᠷ ᠣᠷᠣᠨ ᠢᠷᠠᠭᠤ ᠠᠯᠳᠠᠷ ᠵᠶ᠋ᠠᠨ ᠨᠠᠨᠳᠢᠩᠨᠠᠨ᠂ ᠠᠮᠵᠢᠯᠲᠠ᠎ᠪᠠᠨ ᠪᠠᠳᠠᠷᠠᠭᠤᠯᠤᠨ᠂ ᠲᠠᠬᠢᠨ ᠰᠢᠨ᠎ᠡ ᠭᠠᠪᠢᠶ᠎ᠠ ᠪᠠᠶ᠋ᠢᠭᠤᠯᠬᠤ ᠵᠢ ᠬᠦᠰᠡᠵᠦ ᠪᠠᠶ᠋ᠢᠨ᠎ᠠ᠃ ᠤᠢ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠺᠠᠳ᠋ᠷ ᠤᠯᠠᠨ ᠲᠦᠮᠡᠨ ᠲᠡᠷᠢᠭᠦᠨ᠎ᠤ᠎ᠬᠢ᠎ᠪᠠᠷ ᠳᠠᠭᠤᠷᠢᠶᠠᠯ ᠪᠣᠯᠭ᠋ᠠᠵᠤ᠂ ᠠᠵᠢᠯ ᠬᠢᠵᠦ ᠦᠢ᠍ᠯᠡᠰ ᠪᠤᠰᠬᠠᠬᠤ ᠬᠠᠯᠠᠭᠤᠨ ᠰᠡᠳᠬᠢᠯᠭᠡ᠎ᠪᠠᠨ ᠴᠢᠨᠠᠭᠰᠢᠳᠠ ᠳᠡᠭᠡᠭᠰᠢᠯᠡᠭᠦᠯᠵᠦ᠂ ᠤᠢ ᠰᠢᠭᠤᠢ ᠵᠢᠨ ᠳᠠᠷᠤᠭ᠎ᠠ ᠵᠢᠨ ᠲᠦᠷᠢᠮ ᠵᠶ᠋ᠠᠷ ᠭᠠᠷᠳᠠᠴᠠ ᠪᠣᠯᠭ᠋ᠠᠨ ᠣᠷᠣᠨ᠎ᠤ ᠲᠥᠪ᠎ᠤᠨ ᠤᠢ ᠰᠢᠭᠤᠢ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠭᠰᠠᠨ ᠣᠷᠣᠨ᠎ᠤ ᠲᠥᠪ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃


3.jpg

(2023 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠢᠨᠠᠨ ᠰᠢᠯᠭ᠋ᠠᠭᠰᠠᠨ ᠰᠢᠯᠢᠳᠡᠭ ᠭᠠᠵᠠᠷ ᠣᠷᠣᠨ᠎ᠳᠤ ᠱᠠᠩᠨᠠᠯ ᠣᠯᠭᠣᠨ᠎ᠠ)᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号