2024 ᠣᠨ᠎ᠤ 1 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠠᠷᠠᠯᠵᠢᠶ᠎ᠠ ᠬᠥᠩᠭᠡᠨ ᠨᠡᠬᠡᠮᠡᠯ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ᠎ᠤ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠵᠠᠩ ᠵᠧᠨ ᠭᠠᠩ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠯᠢ ᠰᠢᠨ ᠹᠸᠩ ᠨᠠᠷ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠳᠤ ᠬᠦᠷᠴᠦ 《ᠬᠠᠶ᠋ᠢᠷ᠎ᠠ ᠬᠠᠯᠠᠮᠵᠢ ᠵᠢ ᠦᠨᠳᠦᠰᠦᠨ ᠱᠠᠲᠤᠨ᠎ᠳᠤ ᠬᠦᠷᠲᠡᠭᠡᠬᠦ》 ᠠᠵᠢᠯᠲᠠᠨ ᠠᠵᠢᠯᠴᠢᠨ᠎ᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠪᠠ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠳᠤ ᠬᠦᠷᠭᠡᠪᠡ᠃ ᠡᠭᠦᠨ᠎ᠤ ᠬᠠᠮᠲᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠨᠠᠮ ᠵᠠᠰᠠᠭ᠎ᠤᠨ ᠤᠳᠤᠷᠢᠳᠤᠯᠭ᠎ᠠ ᠪᠣᠯᠤᠨ ᠠᠵᠢᠯᠲᠠᠨ ᠠᠵᠢᠯᠴᠢᠨ᠎ᠤ ᠲᠥᠯᠥᠭᠡᠯᠡᠭᠴᠢᠳ᠎ᠲᠠᠢ ᠶᠠᠷᠢᠯᠴᠠᠬᠤ ᠬᠤᠷᠠᠯ ᠥᠷᠨᠢᠭᠦᠯᠵᠦ᠂ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠨᠠᠮ᠎ᠤᠨ ᠬᠣᠷᠢᠶᠠᠨ᠎ᠤ ᠱᠦᠵᠢ ᠯᠦᠸᠧ ᠬᠣᠩ ᠪᠢᠨ᠂ ᠬᠣᠷᠢᠶᠠᠨ ᠳᠠᠷᠤᠭ᠎ᠠ ᠯᠢᠦ ᠠᠶ ᠵᠢᠶᠦ᠋ᠨ ᠬᠤᠷᠠᠯ᠎ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠯᠢᠦ ᠠᠶ ᠵᠢᠶᠦ᠋ᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠦᠨᠳᠦᠰᠦᠨ ᠪᠠᠶ᠋ᠢᠳᠠᠯ ᠪᠣᠯᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠨᠠᠷᠢᠨ ᠲᠠᠨᠢᠯᠴᠠᠭᠤᠯᠵᠤ᠂ ᠯᠦᠸᠧ ᠬᠣᠩ ᠪᠢᠨ ᠨᠠᠮ᠎ᠤᠨ ᠪᠠᠶ᠋ᠢᠭᠤᠯᠤᠯᠲᠠ ᠪᠣᠯᠤᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠵᠠᠩ ᠵᠧᠨ ᠭᠠᠩ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠠᠵᠢᠯ ᠵᠢᠴᠢ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯᠴᠢᠨ᠎ᠤ ᠡᠪᠯᠡᠯ᠎ᠤᠨ ᠠᠵᠢᠯ᠎ᠤᠨ ᠠᠮᠵᠢᠯᠲᠠ ᠵᠢ ᠬᠦᠢ᠍ᠴᠡᠳ ᠨᠤᠲᠠᠯᠠᠬᠤ ᠵᠢᠨ ᠬᠠᠮᠲᠤ᠂ ᠶᠠᠷᠢᠯᠴᠠᠬᠤ ᠬᠤᠷᠠᠯ᠎ᠳᠤ ᠣᠷᠣᠯᠴᠠᠭᠰᠠᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠠᠴᠠ ᠠᠵᠢᠯ᠎ᠤᠨ ᠰᠠᠨᠠᠯ ᠰᠠᠨᠠᠭᠤᠯᠭ᠎ᠠ ᠬᠤᠷᠢᠶᠠᠵᠤ᠂ ᠬᠣᠶ᠋ᠢᠰᠢᠳᠠ ᠵᠢᠨ ᠠᠵᠢᠯ᠎ᠤᠨ ᠳᠤᠮᠳᠠ ᠠᠵᠢᠯᠲᠠᠨ ᠠᠵᠢᠯᠴᠢᠨ᠎ᠳᠤ ᠢᠯᠡᠭᠦᠬᠡᠨ ᠪᠣᠳᠠᠲᠤ ᠬᠠᠪᠰᠤᠷᠠᠮᠵᠢ ᠦᠵᠡᠬᠦᠯᠵᠦ᠂ ᠠᠰᠠᠷᠠᠮᠵᠢ ᠣᠯᠭᠣᠨ᠎ᠠ ᠭᠡᠵᠦ ᠢᠯᠡᠳᠬᠡᠪᠡ᠃
ᠬᠤᠷᠠᠯ ᠳᠡᠭᠡᠷ᠎ᠡ᠂ ᠠᠵᠢᠯᠴᠢᠨ᠎ᠤ ᠡᠪᠯᠡᠯ᠎ᠤᠨ ᠠᠵᠢᠯ᠎ᠢ ᠬᠡᠷᠬᠢᠨ ᠶᠡᠷᠦᠩᠬᠡᠶ ᠱᠦᠵᠢ ᠵᠢᠨ ᠥᠪᠡᠷᠲᠡᠭᠡᠨ ᠵᠠᠰᠠᠬᠤ ᠣᠷᠣᠨ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》᠎ᠲᠠᠢ ᠤᠶᠠᠯᠳᠤᠭᠤᠯᠬᠤ ᠲᠤᠬᠠᠶ ᠬᠦᠰᠡᠯ ᠡᠷᠡᠮᠡᠯᠵᠡᠯ ᠳᠤᠷᠠᠳᠪᠠ᠂ ᠢᠯᠠᠩᠭᠤᠶ᠎ᠠ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠪᠠ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠤᠨ ᠳᠤᠮᠳᠠ ᠠᠵᠢᠯᠴᠢᠨ᠎ᠤ ᠡᠪᠯᠡᠯ᠎ᠤᠨ ᠠᠵᠢᠯ᠎ᠤᠨ ᠣᠨᠴᠠᠯᠢᠭ᠎ᠲᠠᠢ ᠤᠶᠠᠯᠳᠤᠭᠤᠯᠤᠨ᠂ ᠠᠵᠢᠯᠴᠢᠨ᠎ᠤ ᠡᠪᠯᠡᠯ᠎ᠤᠨ ᠡᠭᠦᠷᠭᠡ ᠴᠢᠳᠠᠪᠬᠢ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠬᠢᠭᠡᠳ ᠬᠠᠮᠠᠭ᠋ᠠᠯᠠᠯᠲᠠ ᠵᠢᠨ ᠭᠤᠤᠯᠳᠠᠯᠭ᠎ᠠ᠎ᠲᠠᠢ ᠠᠵᠢᠯ᠎ᠯᠤᠭ᠎ᠠ ᠵᠢᠨ ᠰᠣᠯᠢᠯᠴᠠᠭ᠎ᠠ ᠬᠢᠭᠡᠳ ᠵᠣᠬᠢᠴᠠᠯᠳᠤᠯ᠎ᠢ ᠴᠢᠩᠭ᠋ᠠᠳᠬᠠᠨ᠂ ᠡᠬᠡ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠬᠥ ᠲᠠᠯ᠎ᠠ᠎ᠪᠠᠷ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃ ᠬᠤᠷᠠᠯ᠎ᠤᠨ ᠳᠠᠷᠠᠭ᠎ᠠ᠂ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ ᠡᠮᠦᠨ᠎ᠡ ᠹᠷᠣᠨᠲ᠎ᠤᠨ ᠠᠵᠢᠯᠳᠠᠨ ᠠᠵᠢᠯᠴᠢᠨ᠎ᠳᠤ ᠲᠣᠬᠣᠨᠢᠭᠤᠯᠬᠤ ᠡᠳ᠋ ᠪᠣᠳᠠᠰ ᠲᠠᠷᠬᠠᠭ᠋ᠠᠵᠤ᠂ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠪᠡ᠃ ᠲᠣᠬᠣᠨᠢᠭᠤᠯᠬᠤ ᠠᠵᠢᠯᠯᠠᠭ᠎ᠠ ᠥᠷᠨᠢᠭᠦᠯᠬᠦ᠎ᠪᠠᠷ ᠳᠡᠮᠵᠢᠨ᠂ ᠡᠮᠦᠨ᠎ᠡ ᠹᠷᠣᠨᠲ᠎ᠤᠨ ᠠᠵᠢᠯᠲᠠᠨ ᠠᠵᠢᠯᠴᠢᠨ᠎ᠳᠤ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠮᠡᠳᠡᠷᠡᠭᠦᠯᠦᠭᠰᠡᠨ ᠵᠶ᠋ᠠᠷ ᠪᠠᠷᠠᠬᠤ ᠥᠬᠡᠶ᠂ ᠪᠠᠰᠠ ᠡᠮᠦᠨ᠎ᠡ ᠹᠷᠣᠨᠲ᠎ᠤᠨ ᠠᠵᠢᠯᠲᠠᠨ ᠠᠵᠢᠯᠴᠢᠨ᠎ᠤ ᠵᠣᠯ ᠵᠢᠷᠭ᠋ᠠᠯᠲᠤ ᠰᠡᠳᠬᠢᠯᠭᠡ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠶ᠎ᠡ ᠵᠣᠬᠢᠴᠠᠩᠭᠤᠶ ᠬᠠᠯᠠᠭᠤᠨ ᠳᠤᠯᠠᠭ᠋ᠠᠨ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠪᠣᠶ ᠪᠣᠯᠭ᠋ᠠᠭᠰᠠᠨ᠎ᠤ ᠬᠠᠮᠲᠤ᠂ ᠺᠠᠳ᠋ᠷ ᠠᠵᠢᠯᠲᠠᠨ ᠠᠵᠢᠯᠴᠢᠨ᠎ᠳᠤ ᠵᠣᠷᠢᠭᠵᠢᠭᠤᠯᠤᠯ ᠪᠣᠯᠵᠣ᠂ ᠥᠷᠭᠡᠨ ᠣᠯᠠᠨ ᠣᠶ ᠰᠢᠭᠤᠶ ᠨᠤᠲᠤᠭ ᠪᠡᠯᠴᠢᠭᠡᠷ᠎ᠤᠨ ᠠᠵᠢᠯᠲᠠᠨ ᠠᠵᠢᠯᠴᠢᠨ᠎ᠤ ᠦᠢ᠍ᠯᠡᠰ ᠪᠤᠰᠬᠠᠬᠤ᠂ ᠬᠤᠪᠢ ᠨᠡᠮᠡᠷᠢ ᠦᠵᠡᠭᠦᠯᠬᠦ ᠡᠭᠦᠷᠭᠡ ᠬᠠᠷᠢᠭᠤᠴᠠᠯᠭ᠋ᠠᠲᠤ ᠰᠡᠳᠬᠢᠯᠭᠡ ᠵᠢ ᠬᠥᠭᠵᠢᠭᠡᠵᠦ᠂ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠢᠲᠡᠭᠡᠯ ᠵᠣᠷᠢᠭ᠎ᠢ ᠨᠠᠩ ᠪᠠᠲᠤᠳᠬᠠᠪᠠ᠃