ᠦᠪᠦᠷ ᠮᠤᠩᠭᠤᠯ᠎ᠤᠨ ᠢᠦᠶ ᠬᠠᠩ ᠷᠧᠨ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯ ᠴᠢᠴᠠᠷᠭ᠋ᠠᠨ᠎ᠠ ᠵᠢᠨ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠠᠰᠢᠭᠯᠠᠬᠤ᠎ᠪᠠᠷ ᠭᠤᠤᠯᠳᠠᠯᠭ᠎ᠠ ᠪᠤᠯᠭ᠋ᠠᠭᠰᠠᠨ ᠠᠵᠤ ᠠᠬᠤᠶ᠋ᠢᠯᠠᠯ ᠪᠣᠯᠤᠨ᠎ᠠ᠃ ᠡᠵᠡᠩᠨᠡᠯᠲᠡ ᠵᠢᠨ ᠬᠡᠪᠴᠢᠶ᠎ᠡ᠎ᠨᠢ ᠴᠢᠴᠠᠷᠭ᠋ᠠᠨ᠎ᠠ ᠵᠢᠨ ᠴᠢᠬᠢ ᠮᠣᠳᠣ ᠵᠢ ᠪᠣᠶ᠋ᠢᠵᠢᠭᠤᠯᠤᠨ ᠰᠤᠳᠤᠯᠬᠤ᠂ ᠴᠢᠴᠠᠷᠭ᠋ᠠᠨ᠎ᠠ ᠵᠢᠨ ᠣᠶ᠋ᠢᠵᠢᠭᠤᠯᠤᠯᠲᠠ᠂ ᠬᠡᠭᠡᠷ᠎ᠡ ᠵᠢᠨ ᠴᠢᠴᠠᠷᠭ᠋ᠠᠨ᠎ᠠ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠴᠢᠴᠠᠷᠭ᠋ᠠᠨ᠎ᠠ ᠵᠢᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠰᠤᠳᠤᠯᠭ᠋ᠠᠨ᠂ ᠴᠢᠴᠠᠷᠭ᠋ᠠᠨ᠎ᠠ ᠵᠢᠨ 4 ᠶᠡᠬᠡ ᠲᠥᠷᠥᠯ᠎ᠤᠨ ᠡᠷᠡᠭᠦᠯ ᠮᠡᠨᠳᠦ ᠵᠢᠨ ᠪᠦᠲᠦᠭᠡᠭᠳᠡᠬᠦᠨ᠎ᠢ ᠪᠣᠷᠣᠯᠠᠭᠤᠯᠬᠤ ᠦᠢ᠍ᠯᠡᠴᠢᠯᠡᠬᠡ ᠵᠡᠷᠭᠡ ᠠᠵᠤ ᠦᠢ᠍ᠯᠡᠰ᠎ᠤᠨ ᠬᠡᠯᠬᠢᠶ᠎ᠡ᠎ᠳᠤ ᠬᠣᠯᠪᠣᠭᠳᠠᠨ᠎ᠠ᠃ 28 ᠵᠢᠯ᠎ᠤᠨ ᠲᠤᠷᠰᠢ᠂ ᠢᠦᠶ ᠬᠠᠩ ᠷᠧᠨ ᠺᠣᠮᠫᠠᠨᠢ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠢ ᠭᠦᠢ᠍ᠴᠡᠳ ᠠᠰᠢᠭᠯᠠᠨ ᠴᠢᠴᠠᠷᠭ᠋ᠠᠨ᠎ᠠ ᠵᠢᠨ ᠢᠳᠡᠭᠡᠨ᠂ ᠴᠢᠴᠠᠷᠭ᠋ᠠᠨ᠎ᠠ ᠵᠢᠨ ᠭᠤᠶᠤᠵᠢᠯᠤᠨ ᠪᠦᠲᠦᠭᠡᠭᠳᠡᠬᠦᠨ᠂ ᠴᠢᠴᠠᠷᠭ᠋ᠠᠨ᠎ᠠ ᠵᠢᠨ ᠡᠷᠡᠭᠦᠯᠵᠢᠯ᠎ᠤᠨ ᠡᠳ᠋᠂ ᠴᠢᠴᠠᠷᠭ᠋ᠠᠨ᠎ᠠ ᠵᠢᠨ ᠡᠮ ᠵᠡᠷᠭᠡ 200 ᠭᠠᠷᠤᠶ ᠵᠦᠢ᠍ᠯ᠎ᠤᠨ ᠴᠢᠴᠠᠷᠭ᠋ᠠᠨ᠎ᠠ ᠵᠢᠨ ᠪᠦᠲᠦᠭᠡᠭᠳᠡᠬᠦᠨ᠎ᠢ ᠰᠤᠳᠤᠯᠤᠨ ᠨᠡᠭᠡᠭᠡᠵᠦ ᠪᠣᠷᠣᠯᠠᠭᠤᠯᠪᠠ᠃ ᠶᠠᠳᠠᠭᠤ ᠬᠦᠴᠢᠷᠳᠡᠯᠲᠡᠶ ᠬᠥᠳᠡᠭᠡ ᠲᠣᠰᠬᠣᠨ᠎ᠳᠤ ᠴᠢᠴᠠᠷᠭ᠋ᠠᠨ᠎ᠠ ᠵᠢ ᠣᠶ᠋ᠢᠵᠢᠭᠤᠯᠬᠤ ᠪᠠ ᠡᠬᠢ ᠪᠠᠶᠠᠯᠢᠭ᠎ᠢ ᠬᠤᠳᠠᠯᠳᠤᠨ ᠠᠪᠬᠤ ᠵᠢ ᠥᠷᠨᠢᠭᠦᠯᠬᠦ᠎ᠪᠠᠷ ᠳᠠᠮᠵᠢᠭᠤᠯᠤᠨ᠂ ᠭᠠᠵᠠᠷ ᠣᠷᠣᠨ᠎ᠤ ᠶᠠᠳᠠᠭᠤ ᠬᠦᠴᠢᠷᠳᠡᠯᠲᠡᠶ ᠡᠷᠦᠬᠡ ᠵᠢᠨ ᠶᠠᠳᠠᠭᠤ᠎ᠠᠴᠠ ᠠᠩᠭᠢᠵᠢᠷᠠᠬᠤ ᠵᠢ ᠳᠠᠢ᠌ᠴᠢᠯᠠᠪᠠ᠃ ᠴᠢᠴᠠᠷᠭ᠋ᠠᠨ᠎ᠠ ᠵᠢᠨ ᠣᠶ᠋ᠢᠵᠢᠭᠤᠯᠤᠯᠲᠠ᠎ᠨᠢ ᠪᠦᠲᠦᠭᠡᠭᠳᠡᠬᠦᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠭᠰᠠᠨ ᠵᠶ᠋ᠠᠷ ᠪᠠᠷᠠᠬᠤ ᠥᠬᠡᠶ ᠪᠠᠰᠠ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ ᠵᠢ ᠠᠬᠢᠭᠤᠯᠪᠠ᠃ ᠺᠣᠮᠫᠠᠨᠢ ᠤᠷᠢᠳ ᠬᠣᠵᠢᠳ 《ᠤᠯᠤᠰ᠎ᠤᠨ ᠨᠠᠷᠠᠲᠤ ᠲᠠᠸᠠᠷ᠎ᠤᠨ ᠲᠡᠮᠳᠡᠭ》᠂ 《ᠤᠯᠤᠰ᠎ᠤᠨ ᠣᠶ ᠰᠢᠭᠤᠶ ᠵᠢᠨ ᠭᠤᠤᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ》᠂ 《ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠠᠪᠠᠭᠤᠯᠢᠭ ᠠᠵᠤ ᠠᠬᠤᠶ᠋ᠢᠯᠠᠯ》᠂ 《ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ》᠂ 《ᠪᠥᠬᠥ ᠤᠯᠤᠰ᠎ᠤᠨ ᠴᠢᠴᠠᠷᠭ᠋ᠠᠨ᠎ᠠ ᠵᠢᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠬᠢᠭᠡᠳ ᠨᠡᠭᠡᠭᠡᠯᠲᠡ ᠵᠢᠨ ᠲᠡᠷᠢᠭᠦᠨ᠎ᠤ ᠬᠠᠮᠲᠤ ᠨᠡᠶ᠋ᠢᠲᠡ》᠂ 《ᠥᠪᠥᠷ ᠮᠣᠩᠭᠣᠯ᠎ᠤᠨ ᠶᠠᠳᠠᠭᠤ ᠵᠢ ᠲᠡᠳᠬᠦᠬᠦ ᠬᠥᠲᠥᠴᠢ ᠠᠵᠤ ᠠᠬᠤᠶ᠋ᠢᠯᠠᠯ》 ᠵᠡᠷᠭᠡ ᠢᠷᠠᠭᠤ ᠠᠯᠳᠠᠷ᠎ᠢ ᠭᠥᠷᠳᠡᠪᠡ᠃ ᠦᠢ᠍ᠯᠡᠳᠬᠦᠨ᠎ᠨᠢ ᠠᠮᠧᠷᠢᠺᠠ ᠵᠢᠨ FDA᠂ ᠠᠮᠧᠷᠢᠺᠠ ᠵᠢᠨ ᠣᠷᠭ᠋ᠠᠨᠢᠭ ᠢᠳᠡᠭᠡᠨ (NOP)᠂ ᠧᠦ᠋ᠷᠣᠫᠠ ᠵᠢᠨ ᠬᠣᠯᠪᠣᠭ᠋ᠠᠨ᠎ᠤ ᠣᠷᠭ᠋ᠠᠨᠢᠭ ᠢᠳᠡᠭᠡᠨ᠂ ᠶᠠᠫᠣᠨ᠎ᠤ ᠣᠷᠭ᠋ᠠᠨᠢᠭ ᠢᠳᠡᠭᠡᠨ (JAS)᠎ᠤ ᠭᠡᠷᠡᠴᠢᠯᠡᠯ᠎ᠢ ᠣᠯᠵᠤ᠂ 20 ᠭᠠᠷᠤᠢ ᠤᠯᠤᠰ᠎ᠲᠤ ᠭᠠᠷᠭ᠋ᠠᠵᠤ ᠪᠠᠢ᠌ᠨ᠎ᠠ᠃ 《ᠢᠦᠶ ᠬᠠᠩ ᠷᠧᠨ ᠴᠢᠴᠠᠷᠭ᠋ᠠᠨ᠎ᠠ》 ᠵᠢ ᠠᠮᠵᠢᠯᠲᠠ᠎ᠲᠠᠢ᠎ᠪᠠᠷ ᠮᠠᠨ᠎ᠤ ᠤᠯᠤᠰ᠎ᠤᠨ ᠴᠢᠴᠠᠷᠭ᠋ᠠᠨ᠎ᠠ ᠵᠢᠨ ᠠᠵᠢᠯ ᠲᠥᠷᠥᠯ᠎ᠤᠨ ᠪᠡᠯᠭᠡ ᠲᠡᠮᠳᠡᠭ᠎ᠤᠨ ᠴᠢᠨᠠᠷᠲᠠᠶ ᠨᠠᠷᠠᠲᠤ ᠲᠡᠮᠳᠡᠭ ᠪᠣᠯᠭ᠋ᠠᠨ ᠪᠦᠲᠦᠭᠡᠪᠡ᠃
ᠡᠬᠢ ᠪᠠᠶᠠᠯᠢᠭ᠎ᠢ ᠬ᠋ᠦᠭᠵᠢᠬᠦᠯᠬᠦ ᠵᠢ ᠠᠬᠢᠭᠤᠯᠪᠠ
1999 ᠣᠨ᠎ᠳᠤ ᠣᠷᠣᠰ᠎ᠤᠨ ᠲᠣᠮᠣ ᠵᠢᠮᠢᠰ᠎ᠤᠨ ᠴᠢᠴᠠᠷᠭ᠋ᠠᠨ᠎ᠠ ᠵᠢ ᠲᠡᠳᠡᠨ ᠣᠷᠣᠭᠤᠯᠵᠤ᠂ 500 ᠮᠥ᠍ ᠦᠷ᠎ᠡ ᠴᠢᠬᠢ ᠵᠢᠨ ᠰᠤᠳᠤᠯᠭ᠋ᠠᠨ᠎ᠤ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠵᠤ᠂ ᠪᠥᠬᠥ ᠤᠯᠤᠰ᠎ᠤᠨ 12 ᠮᠤᠵᠢ ᠣᠷᠣᠨ᠎ᠳᠤ ᠬᠡᠭᠡᠷ᠎ᠡ ᠵᠢᠨ ᠴᠢᠴᠠᠷᠭ᠋ᠠᠨ᠎ᠠ ᠵᠢᠨ ᠲᠥᠷᠥᠯ ᠵᠦᠢ᠍ᠯ᠎ᠢ ᠴᠤᠭᠯᠠᠭᠤᠯᠤᠨ᠂ ᠠᠳᠠᠯᠢ ᠪᠤᠰᠤ ᠭᠠᠵᠠᠷ ᠣᠷᠣᠨ᠎ᠤ ᠰᠢᠮ᠎ᠡ ᠲᠡᠵᠢᠭᠡᠯ᠎ᠤᠨ ᠪᠦᠷᠢᠯᠳᠦᠬᠦᠨ᠂ ᠸᠢᠲ᠋ᠠᠮᠢᠨ᠎ᠤ ᠠᠭᠤᠯᠤᠭᠳᠠᠴᠠ ᠵᠢᠨ ᠵᠠᠳᠠᠯᠤᠯᠲᠠ ᠬᠢᠵᠦ᠂ ᠰᠢᠮ᠎ᠡ ᠲᠡᠵᠢᠭᠡᠯ᠎ᠤᠨ ᠡᠯᠧᠮᠧᠨ᠋ᠲ᠎ᠤᠨ ᠠᠭᠤᠯᠤᠭᠳᠠᠴᠠ᠎ᠪᠠᠷ ᠬᠠᠮᠤᠭ᠎ᠤᠨ ᠥᠨᠳᠥᠷ ᠪᠥᠭᠡᠳ ᠰᠦᠷᠭᠡᠦ ᠣᠷᠴᠢᠨ᠎ᠢ ᠡᠰᠡᠷᠭᠦᠴᠡᠬᠦ ᠴᠢᠳᠠᠪᠤᠷᠢ᠎ᠪᠠᠷ ᠰᠠᠢ᠌ᠨ ᠡᠭᠦᠯᠳᠡᠷ᠎ᠢ ᠪᠤᠢ᠌ᠵᠢᠭᠤᠯᠵᠤ᠂ ᠬᠥᠬᠡᠬᠣᠲᠠ᠂ ᠤᠯᠠᠭ᠋ᠠᠨᠴᠠᠪ ᠬᠣᠲᠠ᠎ᠳᠤ ᠴᠢᠴᠠᠷᠭ᠋ᠠᠨ᠎ᠠ ᠵᠢᠨ ᠣᠶ ᠵᠢ 5 . 2 ᠲᠦᠮᠡᠨ ᠮᠥ᠍ ᠳᠡᠯᠭᠡᠷᠡᠭᠦᠯᠵᠦ᠂ ᠠᠮᠧᠷᠢᠺᠠ᠂ ᠧᠦ᠋ᠷᠣᠫᠠ ᠵᠢᠨ ᠬᠣᠯᠪᠣᠭ᠎ᠠ᠂ ᠶᠠᠫᠣᠨ᠎ᠤ ᠣᠷᠭ᠋ᠠᠨᠢᠭ ᠭᠡᠷᠡᠴᠢᠯᠡᠯ᠎ᠤᠨ ᠰᠠᠭᠤᠷᠢᠨ ᠭᠠᠵᠠᠷ᠎ᠢ 26 ᠲᠦᠮᠡᠨ ᠮᠥ᠍ ᠬᠠᠮᠠᠭ᠋ᠠᠯᠠᠭᠰᠠᠨ ᠪᠥᠭᠡᠳ ᠪᠠᠲᠤᠯᠠᠪᠠ᠃ ᠺᠣᠮᠫᠠᠨᠢ ᠪᠣᠯᠤᠨ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠠᠴᠠ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠰᠠᠭᠤᠷᠢ ᠮᠥᠩᠭᠥᠨ᠎ᠤ ᠴᠢᠴᠠᠷᠭ᠋ᠠᠨ᠎ᠠ ᠵᠢᠨ ᠡᠯᠡᠰᠦ ᠵᠢ ᠵᠠᠰᠠᠵᠤ ᠶᠠᠳᠠᠭᠤ ᠵᠢ ᠲᠡᠳᠬᠦᠬᠦ ᠲᠤᠰᠬᠠᠶ ᠰᠠᠭᠤᠷᠢ ᠮᠥᠩᠭᠥ ᠵᠢ ᠪᠠᠶ᠋ᠢᠭᠤᠯᠵᠤ᠂ ᠴᠢᠴᠠᠷᠭ᠋ᠠᠨ᠎ᠠ ᠵᠢᠨ ᠠᠵᠤ ᠦᠢ᠍ᠯᠡᠰ᠎ᠢ ᠨᠡᠭᠡᠭᠡᠨ ᠬᠥᠭᠵᠢᠭᠦᠯᠬᠦ ᠪᠠ ᠴᠦᠯᠯᠡᠷᠭᠡᠭᠵᠢᠯ᠎ᠢ ᠵᠠᠰᠠᠬᠤ᠎ᠳᠤ ᠬᠡᠷᠡᠭᠯᠡᠵᠡᠶ᠃ 《ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠭᠡᠷ᠎ᠡ》 ᠵᠢᠨ ᠠᠷᠪᠠᠨ ᠭᠤᠷᠪᠠᠳᠤᠭ᠋ᠠᠷ ᠤᠳᠠᠭ᠎ᠠ ᠵᠢᠨ ᠭᠡᠷ᠎ᠡ ᠪᠠᠶ᠋ᠢᠭᠤᠯᠬᠤ ᠶᠡᠬᠡ ᠬᠤᠷᠠᠯ᠎ᠳᠤ ᠣᠷᠣᠯᠴᠠᠵᠤ᠂ ᠴᠢᠴᠠᠷᠭ᠋ᠠᠨ᠎ᠠ ᠵᠢᠨ ᠠᠵᠤ ᠦᠢ᠍ᠯᠡᠰ᠎ᠤᠨ ᠬᠡᠯᠬᠢᠶ᠎ᠡ ᠵᠢ ᠨᠡᠭᠡᠭᠡᠨ ᠬᠥᠭᠵᠢᠭᠦᠯᠬᠦ᠎ᠪᠠᠷ ᠴᠦᠯᠯᠡᠷᠭᠡᠭᠵᠢᠯ᠎ᠢ ᠵᠠᠰᠠᠬᠤ ᠵᠢ ᠠᠬᠢᠭᠤᠯᠤᠭᠰᠠᠨ ᠠᠮᠵᠢᠯᠲᠠ᠎ᠲᠠᠢ ᠲᠤᠷᠰᠢᠯᠭ᠎ᠠ᠎ᠨᠢ ᠬᠤᠷᠠᠯ᠎ᠳᠤ ᠣᠷᠣᠯᠴᠠᠭᠰᠠᠨ ᠡᠯ᠎ᠡ ᠤᠯᠤᠰ᠎ᠤᠨ ᠳᠡᠭᠡᠳᠦ ᠬᠡᠮᠵᠢᠶᠡᠨ᠎ᠤ ᠵᠥᠪᠰᠢᠶᠡᠷᠡᠯ ᠪᠠ ᠮᠠᠭᠲᠠᠭ᠋ᠠᠯ ᠰᠠᠶ᠋ᠢᠰᠢᠶᠠᠯ᠎ᠢ ᠤᠯᠪᠠ᠃ 《ᠳᠤᠮᠳᠠᠳᠤ ᠤᠯᠤᠰ᠎ᠤᠨ ᠴᠢᠴᠠᠷᠭ᠋ᠠᠨ᠎ᠠ ᠵᠢᠨ ᠠᠵᠤ ᠦᠢ᠍ᠯᠡᠰ᠎ᠤᠨ ᠠᠮᠢ ᠠᠬᠤᠶ᠎ᠪᠠᠷ ᠶᠠᠳᠠᠭᠤ ᠵᠢ ᠲᠡᠳᠬᠦᠬᠦ (ᠬᠥᠬᠡᠬᠣᠲᠠ) ᠲᠦᠷᠦᠭᠦᠴᠦᠳ᠎ᠤᠨ ᠬᠤᠷᠠᠯ》᠎ᠢ ᠠᠮᠵᠢᠯᠲᠠ᠎ᠲᠠᠢ ᠡᠷᠭᠢᠯᠡᠵᠦ᠂ ᠵᠠᠰᠠᠭ᠎ᠤᠨ ᠣᠷᠳᠣᠨ᠂ ᠠᠵᠤ ᠠᠬᠤᠶ᠋ᠢᠯᠠᠯ ᠵᠢᠴᠢ ᠨᠡᠶ᠋ᠢᠭᠡᠮ᠎ᠤᠨ ᠬᠦᠴᠦᠨ᠎ᠢ ᠲᠥᠪᠯᠡᠷᠡᠭᠦᠯᠦᠨ᠂ ᠴᠢᠴᠠᠷᠭ᠋ᠠᠨ᠎ᠠ ᠵᠢᠨ ᠠᠮᠢ ᠠᠬᠤᠶ ᠵᠢᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠬᠠᠮᠲᠤ᠎ᠪᠠᠷ ᠠᠬᠢᠭᠤᠯᠪᠠ᠃ ᠢᠦᠢ ᠬᠠᠩ ᠷᠧᠨ ᠺᠣᠮᠫᠠᠨᠢ᠎ᠨᠢ ᠬᠥᠬᠡᠬᠣᠲᠠ ᠵᠢᠨ ᠬᠣᠷᠢᠨᠭᠡᠷ ᠰᠢᠶᠠᠨ᠂ ᠴᠢᠩ ᠱᠦᠢ ᠡᡁᠸ ᠰᠢᠶᠠᠨ᠂ ᠦᠴᠦᠸᠠᠨ ᠰᠢᠶᠠᠨ᠂ ᠤᠯᠠᠭ᠋ᠠᠨᠴᠠᠪ ᠬᠤᠳᠠ ᠵᠢᠨ ᠯᠢᠶᠠᠩᠴᠧᠩ ᠰᠢᠶᠠᠨ᠂ ᠹᠸᠩᠵᠸᠨ ᠬᠤᠳᠠ᠂ ᠰᠢᠩ ᠡᡁᠸ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ ᠵᠡᠷᠭᠡ ᠶᠠᠳᠠᠭᠤ ᠬᠦᠴᠢᠷᠳᠡᠯᠲᠡᠢ ᠭᠠᠵᠠᠷ ᠣᠷᠣᠨ ᠵᠢᠴᠢ ᠾᠸᠪᠸᠢ᠂ ᠱᠠᠨ ᠰᠢ᠂ ᠱᠠᠨᠰᠢ᠂ ᠬᠥᠬᠡᠨᠠᠭᠤᠷ᠂ ᠭᠠᠨᠰᠦ᠂ ᠨᠢᠩᠰᠢᠶᠠ ᠵᠡᠷᠭᠡ ᠮᠤᠵᠢ᠎ᠳᠤ᠂ ᠴᠢᠴᠠᠷᠭ᠋ᠠᠨ᠎ᠠ ᠵᠢᠨ ᠵᠢᠮᠢᠰ ᠬᠤᠳᠠᠯᠳᠤᠨ ᠠᠪᠬᠤ ᠠᠷᠭ᠎ᠠ ᠬᠡᠯᠪᠡᠷᠢ᠎ᠪᠠᠷ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠨ᠎ᠤ ᠣᠷᠣᠯᠭ᠎ᠠ ᠵᠢ 5.5 ᠳ᠋ᠦᠩᠰᠢᠭᠤᠷ ᠲᠥᠭᠥᠷᠢᠭ ᠰᠢᠬᠠᠮ ᠨᠡᠮᠡᠭᠳᠡᠭᠦᠯᠵᠦ᠂ 2000—3500 ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠪᠡ᠃
ᠥᠨᠳᠥᠷ ᠨᠡᠮᠡᠯᠲᠡ ᠥᠷᠲᠡᠭ᠎ᠲᠠᠢ ᠦᠢ᠍ᠯᠡᠳᠬᠦᠨ᠎ᠢ ᠰᠤᠳᠤᠯᠤᠨ ᠨᠡᠭᠡᠭᠡᠪᠡ
ᠮᠠᠨ᠎ᠤ ᠤᠯᠤᠰ᠎ᠤᠨ ᠴᠢᠴᠠᠷᠭ᠋ᠠᠨ᠎ᠠ ᠵᠢ ᠶᠡᠷᠦᠩᠬᠡᠶ᠋ᠢᠯᠡᠨ ᠠᠰᠢᠭᠯᠠᠬᠤ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠡᠪ ᠳᠠᠭᠤᠷᠢᠶᠠᠯ᠎ᠤᠨ ᠲᠠᠭ᠋ᠠᠭᠤᠯᠤᠬ᠍ᠴᠢ ᠠᠵᠤ ᠠᠬᠤᠶ᠋ᠢᠯᠠᠯ ᠪᠣᠯᠤᠭᠰᠠᠨ᠎ᠤ ᠬᠤᠪᠢ᠎ᠳᠤ᠂ ᠢᠦᠢ ᠬᠠᠩ ᠷᠧᠨ ᠺᠣᠮᠫᠠᠨᠢ ᠬᠢᠯᠢ ᠬᠢᠵᠠᠭ᠋ᠠᠷ᠎ᠠᠴᠠ ᠳᠠᠪᠠᠭᠰᠠᠨ ᠠᠮᠢᠳᠤ ᠪᠣᠳᠠᠰ᠎ᠤᠨ ᠢᠨᠵᠧᠨᠧᠷᠢᠩ᠎ᠤᠨ ᠮᠡᠷᠭᠡᠵᠢᠯ᠂ ᠪᠦᠷᠬᠦᠪᠴᠢ ᠵᠢ ᠰᠠᠯᠭ᠋ᠠᠬᠤ ᠵᠡᠷᠭᠡ ᠳᠡᠭᠡᠳᠦ ᠰᠢᠨ᠎ᠡ ᠮᠡᠷᠭᠡᠵᠢᠯ᠎ᠤᠨ ᠠᠷᠭ᠎ᠠ ᠪᠠᠷᠢᠯ᠎ᠢ ᠴᠢᠴᠠᠷᠭ᠋ᠠᠨ᠎ᠠ ᠵᠢᠨ ᠠᠵᠤ ᠦᠢ᠍ᠯᠡᠰ᠎ᠲᠤ ᠬᠡᠷᠡᠭᠯᠡᠵᠦ᠂ ᠠᠮᠢ ᠠᠬᠤᠢ ᠵᠢ ᠬᠠᠮᠠᠭ᠋ᠠᠯᠠᠵᠤ ᠲᠠᠷᠢᠬᠤ᠎ᠠᠴᠠ ᠦᠢ᠍ᠯᠡᠳᠬᠦᠨ ᠵᠶ᠋ᠠᠨ ᠨᠠᠷᠢᠯᠢᠭ ᠡᠳ᠋ᠰᠢᠭᠦᠯᠬᠦ ᠬᠦᠷᠲᠡᠯ᠎ᠡ ᠠᠵᠤ ᠦᠢ᠍ᠯᠡᠰ᠎ᠤᠨ ᠬᠡᠯᠬᠢᠶ᠎ᠡ ᠵᠢ ᠠᠯᠬᠤᠮ ᠠᠯᠬᠤᠮ ᠵᠶ᠋ᠠᠷ ᠤᠷᠲᠤᠳᠬᠠᠵᠤ᠂ ᠡᠮ ᠡᠮᠨᠡᠯᠭᠡ᠂ ᠴᠢᠳᠠᠪᠬᠢᠳᠦ ᠢᠳᠡᠭᠡᠨ᠂ ᠬᠤᠪᠢ ᠬᠥᠮᠦᠨ᠎ᠤ ᠰᠤᠪᠢᠯᠠᠯᠲᠠ ᠵᠢᠨ ᠡᠳ᠋᠂ ᠡᠷᠡᠭᠦᠯᠵᠢᠯ᠎ᠤᠨ ᠢᠳᠡᠭᠡᠨ᠂ ᠴᠢᠴᠠᠷᠭ᠋ᠠᠨ᠎ᠠ ᠵᠢᠨ ᠤᠮᠳᠠᠭ᠋ᠠᠨ ᠵᠡᠷᠭᠡ ᠬᠦᠷᠢᠶᠡᠨ᠎ᠳᠤ ᠤᠷᠢᠳ ᠬᠣᠵᠢᠳ 200 ᠭᠠᠷᠤᠢ ᠴᠢᠨᠠᠷ ᠰᠠᠶ᠋ᠢᠲᠠᠢ ᠦᠢ᠍ᠯᠡᠳᠬᠦᠨ᠎ᠢ ᠨᠡᠭᠡᠭᠡᠨ ᠬᠥᠭᠵᠢᠭᠦᠯᠦᠭᠰᠡᠨ ᠪᠥᠭᠡᠳ ᠵᠠᠬ᠎ᠠ ᠳᠡᠯᠭᠡᠭᠦᠷ᠎ᠲᠤ ᠭᠠᠷᠭ᠋ᠠᠪᠠ᠃ 2 ᠪᠠᠷᠢᠮᠵᠢᠶᠠᠲᠤ ᠦᠰᠦᠭᠲᠦ ᠴᠢᠴᠠᠷᠭ᠋ᠠᠨ᠎ᠠ ᠵᠢᠨ ᠡᠮ᠎ᠤᠨ ᠵᠦᠢ᠍ᠯ᠂ 5 ᠴᠢᠴᠠᠷᠭ᠋ᠠᠨ᠎ᠠ ᠵᠢᠨ ᠡᠷᠡᠭᠦᠯᠵᠢᠯ᠎ᠤᠨ ᠢᠳᠡᠭᠡᠨ᠎ᠤ ᠵᠥᠪᠰᠢᠶᠡᠷᠡᠯ᠎ᠤᠨ ᠪᠢᠴᠢᠭ ᠪᠠ 3 ᠲᠣᠮᠣ ᠨᠡᠷᠡᠲᠦ ᠲᠡᠮᠳᠡᠭᠲᠦ 100 ᠭᠠᠷᠤᠶ ᠴᠢᠴᠠᠷᠭ᠋ᠠᠨ᠎ᠠ ᠵᠢᠨ ᠵᠠᠰᠠᠯ ᠴᠢᠮᠡᠭ᠎ᠤᠨ ᠡᠳ᠋᠎ᠢ ᠠᠮᠵᠢᠯᠲᠠ᠎ᠲᠠᠢ ᠭᠤᠶᠤᠴᠢᠯᠠᠵᠤ᠂ ᠦᠢ᠍ᠯᠡᠳᠪᠦᠷᠢᠯᠡᠭᠰᠡᠨ ᠡᠯ᠎ᠡ ᠲᠥᠷᠥᠯ᠎ᠤᠨ ᠢᠳᠡᠭᠡᠨ ᠵᠢᠴᠢ ᠢᠳᠡᠭᠡᠨ᠎ᠤ ᠲᠦᠭᠦᠬᠡᠶ ᠮᠠᠲ᠋ᠧᠷᠢᠶᠠᠯ᠎ᠨᠢ ᠳᠡᠯᠡᠬᠡᠶ ᠵᠢᠨ ᠪᠠ ᠳᠤᠮᠳᠠᠳᠤ ᠤᠯᠤᠰ᠎ᠤᠨ 5 ᠲᠣᠮᠣ ᠣᠯᠠᠨ ᠤᠯᠤᠰ᠎ᠤᠨ ᠶᠠᠰᠤ ᠴᠢᠨᠠᠷ᠎ᠤᠨ ᠭᠡᠷᠡᠴᠢᠯᠡᠯ᠎ᠳᠤ ᠪᠠᠲᠤᠯᠠᠭᠳᠠᠪᠠ᠃ ᠢᠦᠶ ᠬᠠᠩ ᠷᠧᠨ ᠺᠣᠮᠫᠠᠨᠢ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠴᠢᠴᠠᠷᠭ᠋ᠠᠨ᠎ᠠ᠎ᠪᠠᠷ ᠠᠴᠢᠶᠠᠯᠠᠪᠤᠷᠢ ᠪᠣᠯᠭ᠋ᠠᠵᠤ᠂ ᠴᠢᠴᠠᠷᠭ᠋ᠠᠨ᠎ᠠ ᠵᠢᠨ ᠡᠷᠡᠭᠦᠯ ᠮᠡᠨᠳᠦ ᠵᠢᠨ ᠠᠵᠤ ᠦᠢ᠍ᠯᠡᠰ᠎ᠢ ᠢᠳᠡᠪᠬᠢᠲᠡᠶ ᠥᠷᠭᠡᠳᠬᠡᠵᠦ᠂ ᠮᠠᠨ᠎ᠤ ᠤᠯᠤᠰ᠎ᠤᠨ ᠤᠮᠠᠷᠠᠲᠤ ᠵᠢᠨ ᠵᠠᠩᠭᠢᠯᠠᠭ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠬᠤ ᠵᠢᠴᠢ ᠠᠮᠢ ᠠᠬᠤᠶ᠂ ᠠᠵᠤ ᠠᠬᠤᠶ᠂ ᠨᠡᠶ᠋ᠢᠭᠡᠮ᠎ᠤᠨ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃