2 ᠳ᠋ᠤᠭ᠋ᠠᠷ ᠰᠠᠷ᠎ᠠ ᠵᠢᠨ 4᠎ᠤ ᠡᠳᠦᠷ ᠬᠤᠷᠠᠯᠳᠤᠭᠤᠯᠤᠭᠰᠠᠨ ᠪᠥᠬᠦ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ᠎ᠠᠴᠠ ᠣᠶ᠋ᠢᠯᠠᠭ᠋ᠠᠭᠰᠠᠨ ᠵᠶ᠋ᠠᠷ᠂ 2024 ᠣᠨ᠎ᠳᠤ ᠮᠠᠨ᠎ᠤ ᠣᠷᠣᠨ 300 ᠲᠦᠮᠡᠨ ᠮᠦ᠍᠎ᠠᠴᠠ ᠳᠡᠭᠡᠭᠰᠢ ᠣᠶ᠋ᠢᠵᠢᠭᠤᠯᠵᠤ᠂ 1300 ᠲᠦᠮᠡᠨ ᠮᠦ᠍᠎ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠦ᠍᠎ᠠᠴᠠ ᠳᠡᠭᠡᠭᠰᠢ ᠡᠯᠡᠰᠦᠷᠡᠬᠦ ᠵᠢ ᠰᠡᠷᠭᠡᠶ᠋ᠢᠯᠡᠨ ᠡᠯᠡᠰᠦ ᠵᠢ ᠵᠠᠰᠠᠬᠤ᠎ᠪᠠᠷ ᠲᠥᠯᠥᠪᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠪᠠᠷ ᠴᠢᠷᠮᠠᠶ᠋ᠢᠵᠤ ᠪᠤᠢ᠃
ᠤᠮᠠᠷᠠᠲᠤ ᠵᠢᠨ ᠭᠤᠷᠪᠠᠨ ᠣᠷᠣᠨ᠎ᠤ 13 ᠮᠤᠵᠢ ᠣᠷᠣᠨ᠎ᠤ ᠳᠣᠲᠣᠷᠠᠬᠢ ᠡᠭᠦᠷᠭᠡ ᠬᠠᠮᠤᠭ᠎ᠤᠨ ᠬᠦᠨᠳᠦ᠂ ᠬᠠᠷᠢᠭᠤᠴᠠᠯᠭ᠎ᠠ ᠬᠠᠮᠤᠭ᠎ᠤᠨ ᠶᠡᠭᠡ ᠮᠤᠵᠢ ᠣᠷᠣᠨ ᠪᠣᠯᠤᠭᠰᠠᠨ᠎ᠤ ᠬᠤᠪᠢ᠎ᠳᠤ᠂ 2024 ᠣᠨ᠎ᠳᠤ ᠥᠪᠥᠷ ᠮᠣᠩᠭᠤᠯ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠰᠢᠪᠲᠤᠯᠤᠯᠲᠠ ᠵᠢ ᠦᠷᠭᠦᠯᠵᠢᠯᠡᠨ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠡᠯᠡᠰᠦᠷᠡᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠰᠢᠨ᠎ᠡ ᠡᠨᠧᠷᠭᠢ᠎ᠪᠠᠷ 90 ᠲᠦᠮᠡᠨ ᠮᠦ᠍᠎ᠠᠴᠠ ᠳᠡᠭᠡᠭᠰᠢ ᠡᠯᠡᠰᠦ ᠵᠢ ᠵᠠᠰᠠᠬᠤ ᠵᠢ ᠴᠢᠨᠠᠷ ᠰᠠᠶ᠋ᠢᠲᠠᠢ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠣᠶ ᠰᠢᠭᠤᠢ ᠨᠤᠲᠤᠭ ᠪᠡᠯᠴᠢᠭᠡᠷ᠎ᠤᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠵᠢᠨ ᠶᠠᠰᠤ ᠴᠢᠨᠠᠷ᠎ᠢ ᠨᠠᠷᠢᠯᠢᠭ ᠣᠨᠣᠴᠠᠲᠠᠢ᠎ᠪᠠᠷ ᠳᠡᠭᠡᠭᠰᠢᠯᠡᠭᠦᠯᠬᠦ ᠢᠨᠵᠧᠨᠧᠷᠢᠩ᠂ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ᠎ᠲᠠᠢ ᠣᠷᠣᠨ ᠪᠦᠰᠡ ᠵᠢᠨ ᠨᠣᠭᠤᠭ᠋ᠠᠷᠠᠭᠤᠯᠤᠯᠲᠠ ᠵᠢ ᠬᠡᠷᠡᠭᠵᠢᠭᠦᠯᠦᠨ᠂ ᠬᠡᠪᠴᠢᠶᠡᠵᠢᠭᠦᠯᠦᠭᠰᠡᠨ ᠣᠶ ᠰᠢᠭᠤᠢ ᠵᠢᠨ ᠲᠠᠯᠠᠪᠠᠶ ᠵᠢᠨ ᠲᠤᠷᠰᠢᠯᠲᠠ ᠵᠢᠨ ᠴᠡᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠥᠬᠦ ᠵᠢᠯ᠎ᠳᠤ 88.92 ᠲᠦᠮᠡᠨ ᠮᠦ᠍ ᠣᠶ ᠰᠢᠭᠤᠢ ᠵᠢ ᠠᠷᠠᠴᠢᠯᠠᠨ ᠪᠣᠶ᠋ᠢᠵᠢᠭᠤᠯᠬᠤ᠂ 573 ᠲᠦᠮᠡᠨ ᠮᠦ᠍ ᠮᠠᠭᠤᠳᠠᠭᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ᠂ 12 ᠲᠦᠮᠡᠨ ᠮᠦ᠍ ᠭᠤᠣᠯᠳᠠᠯᠭ᠎ᠠ᠎ᠲᠠᠢ ᠣᠷᠣᠨ ᠪᠦᠰᠡ ᠵᠢᠨ ᠨᠣᠭᠤᠭ᠋ᠠᠷᠠᠭᠤᠯᠤᠯᠲᠠ ᠵᠢ ᠪᠡᠶᠡᠯᠡᠭᠦᠯᠵᠦ᠂ 255.5 ᠲᠦᠮᠡᠨ ᠮᠦ᠍ ᠬᠡᠪᠴᠢᠶᠡᠵᠢᠭᠦᠯᠦᠭᠰᠡᠨ ᠣᠶ ᠰᠢᠭᠤᠢ ᠵᠢᠨ ᠲᠠᠯᠠᠪᠠᠶ ᠵᠢᠨ ᠠᠮᠢ ᠠᠬᠤᠢ ᠵᠢᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠦᠨ᠎ᠡ᠃
ᠡᠭᠦᠨ᠎ᠤ ᠬᠠᠮᠲᠤ ᠪᠠᠰᠠ ᠲᠦᠯᠦᠪᠯᠡᠭᠡ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠣᠷᠣᠭᠤᠯᠤᠯᠲᠠ᠎ᠪᠠᠷ ᠭᠤᠣᠯ ᠪᠣᠯᠭ᠋ᠠᠨ᠂ ᠣᠷᠣᠨ ᠨᠤᠲᠤᠭ᠎ᠤᠨ ᠢᠵᠢ ᠪᠦᠷᠢᠳᠦᠭᠦᠯᠬᠦ᠎ᠪᠠᠷ ᠬᠠᠪᠰᠤᠷᠤᠮᠵᠢ ᠪᠣᠯᠭ᠋ᠠᠵᠤ᠂ ᠠᠵᠤ ᠠᠬᠤᠶ᠋ᠢᠯᠠᠯ᠎ᠤᠳ ᠥᠷᠭᠡᠨ ᠵᠶ᠋ᠠᠷ ᠣᠷᠣᠯᠴᠠᠭᠰᠠᠨ 《1+N》 ᠣᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ ᠵᠡᠷᠭᠡ ᠠᠷᠭ᠎ᠠ ᠮᠠᠶᠢᠭ᠎ᠢ ᠰᠦᠪᠡᠭᠴᠢᠯᠡᠨ ᠳᠡᠯᠭᠡᠷᠡᠭᠦᠯᠵᠦ᠂ ᠨᠠᠩ ᠣᠯᠠᠨ ᠮᠠᠯᠴᠢᠳ ᠲᠠᠷᠢᠶᠠᠴᠢᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠡᠯᠡᠰᠦᠷᠡᠬᠦ ᠵᠢ ᠰᠡᠷᠭᠡᠶ᠋ᠢᠯᠡᠨ ᠡᠯᠡᠰᠦ ᠵᠢ ᠵᠠᠰᠠᠬᠤ᠎ᠳᠤ ᠰᠢᠭᠤᠳ ᠣᠷᠣᠯᠴᠠᠭᠤᠯᠵᠤ᠂ ᠡᠷᠬᠢᠨ ᠲᠣᠭᠤᠷᠢᠨ᠎ᠤ ᠮᠤᠵᠢ ᠣᠷᠣᠨ᠎ᠯᠤᠭ᠎ᠠ ᠲᠣᠭᠲᠠᠭᠰᠠᠨ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠵᠠᠰᠠᠬᠤ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠪᠥᠬᠦ ᠲᠠᠯ᠎ᠠ᠎ᠪᠠᠷ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠠᠮᠵᠢᠯᠴᠠᠨ ᠡᠯᠡᠰᠦ ᠵᠢ ᠵᠠᠰᠠᠬᠤ᠂ ᠡᠯᠡᠰᠦ ᠵᠢ ᠬᠠᠮᠢᠶᠠᠷᠬᠤ᠂ ᠡᠯᠡᠰᠦ ᠵᠢ ᠬᠡᠷᠡᠭᠯᠡᠬᠦ ᠠᠵᠢᠯ᠎ᠤᠨ ᠵᠠᠭᠪᠤᠷ᠎ᠢ ᠪᠠᠶ᠋ᠢᠭᠤᠯᠤᠨ᠎ᠠ᠃