ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ 19 ᠭᠠᠵᠠᠷ ᠣᠷᠣᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠬᠤᠲᠠ ᠪᠠ ᠣᠶ ᠰᠢᠭᠤᠢ ᠵᠢᠨ ᠰᠢᠶᠠᠩ ᠪᠠᠯᠭ᠋ᠠᠰᠤ ᠵᠢᠨ ᠴᠣᠯᠠ ᠵᠢ ᠭᠥᠷᠳᠡᠪᠡ
ᠨᠡᠶ᠋ᠢᠲᠡᠯᠡᠭᠰᠡᠨ ᠴᠠᠭ᠄ 2024-03-01

 
  
    ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠣᠭᠤᠭ᠋ᠠᠷᠠᠭᠤᠯᠤᠯᠲᠠ ᠵᠢᠨ ᠵᠥᠪᠯᠡᠯ᠎ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠂ ᠬᠢᠩᠭ᠋ᠠᠨ ᠠᠶ᠋ᠢᠮᠠᠭ᠎ᠤᠨ ᠷᠠᠰᠢᠶᠠᠨ ᠬᠤᠲᠠ ᠵᠡᠷᠭᠡ 5 ᠰᠢᠶᠠᠨ (ᠬᠤᠲᠠ᠂ ᠲᠣᠭᠤᠷᠢᠭ)᠎ᠳᠤ 《ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠬᠤᠲᠠ》 ᠵᠢᠨ ᠴᠣᠯᠠ ᠣᠯᠭᠤᠵᠤ᠂ ᠬᠥᠬᠡᠬᠤᠲᠠ ᠵᠢᠨ ᠲᠣᠭᠲᠠᠬᠤ ᠰᠢᠶᠠᠨ᠎ᠤ ᠱᠤᠸᠠᠩ ᠾᠧ ᠪᠠᠯᠭ᠋ᠠᠰᠤ᠂ ᠪᠤᠭᠤᠲᠤ ᠬᠤᠲᠠ ᠵᠢᠨ ᠲᠦᠮᠡᠳ ᠪᠠᠷᠠᠭᠤᠨ ᠬᠤᠰᠢᠭᠤᠨ᠎ᠤ ᠮᠠᠶ᠋ᠢᠳᠠᠷᠢ ᠵᠣᠣ ᠪᠠᠯᠭ᠋ᠠᠰᠤ ᠵᠡᠷᠭᠡ 14 ᠰᠢᠶᠠᠩ (ᠪᠠᠯᠭ᠋ᠠᠰᠤ᠂ ᠰᠤᠮᠤ)᠎ᠳᠤ 《ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠰᠢᠶᠠᠩ ᠪᠠᠯᠭ᠋ᠠᠰᠤ》 ᠵᠢᠨ ᠴᠣᠯᠠ ᠣᠯᠭᠤᠪᠠ᠃
    ᠤᠯᠤᠰ᠎ᠤᠨ ᠨᠤᠲᠤᠭ ᠳᠡᠪᠢᠰᠬᠡᠷ᠎ᠤᠨ ᠨᠣᠭᠤᠭ᠋ᠠᠷᠠᠭᠤᠯᠤᠯᠲᠠ ᠵᠢ ᠠᠬᠢᠭᠤᠯᠬᠤ᠂ ᠬᠤᠲᠠ ᠬᠥᠳᠡᠭᠡ ᠵᠢᠨ ᠠᠮᠢ ᠠᠬᠤᠢ ᠣᠷᠴᠢᠨ ᠲᠣᠭᠤᠷᠢᠨ᠎ᠢ ᠰᠠᠶ᠋ᠢᠵᠢᠷᠠᠭᠤᠯᠬᠤ ᠬᠦᠴᠦᠲᠡᠢ ᠭᠠᠷᠳᠠᠴᠠ ᠪᠣᠯᠤᠭᠰᠠᠨ᠎ᠤ ᠬᠤᠪᠢ᠎ᠳᠤ᠂ 2020 ᠣᠨ᠎ᠤ 4 ᠳ᠋ᠦ᠍ᠭᠡᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠣᠭᠤᠭ᠋ᠠᠷᠠᠭᠤᠯᠤᠯᠲᠠ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠤᠯᠪᠣᠭ᠋ᠠᠯᠠᠨ ᠮᠡᠳᠡᠭᠳᠡᠯ ᠪᠠᠭᠤᠯᠭ᠋ᠠᠵᠤ᠂ ᠪᠥᠬᠦ ᠣᠷᠣᠨ᠎ᠤ ᠬᠡᠪᠴᠢᠶᠡᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠶ ᠰᠢᠭᠤᠢ ᠵᠢᠨ ᠬᠤᠲᠠ᠂ ᠣᠶ ᠰᠢᠭᠤᠢ ᠵᠢᠨ ᠰᠢᠶᠠᠩ ᠪᠠᠯᠭ᠋ᠠᠰᠤ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠪᠡ᠃ ᠡᠭᠦᠳᠦᠨ ᠪᠠᠶ᠋ᠢᠭᠤᠯᠬᠤ ᠠᠵᠢᠯᠯᠠᠭ᠎ᠠ᠎ᠪᠠᠷ ᠳᠠᠮᠵᠢᠭᠤᠯᠤᠨ᠂ ᠡᠯ᠎ᠡ ᠭᠠᠵᠠᠷ᠎ᠤᠨ᠎ᠬᠢᠨ᠎ᠤ ᠠᠮᠢ ᠠᠬᠤᠢ ᠵᠢᠨ ᠬᠠᠮᠠᠭ᠋ᠠᠯᠠᠯᠲᠠ ᠰᠡᠷᠭᠦᠭᠡᠯᠲᠡ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠬᠦ ᠵᠢ ᠪᠦᠲᠦᠮᠵᠢᠲᠡᠶ ᠠᠬᠢᠭᠤᠯᠵᠤ᠂ ᠤᠢ ᠰᠢᠭᠤᠢ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠠᠮᠢ ᠠᠬᠤᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠦᠨᠡᠨ ᠬᠦ᠌ ᠴᠢᠩᠭ᠋ᠠᠷᠠᠭᠤᠯᠤᠨ᠂ ᠤᠢ ᠰᠢᠭᠤᠢ ᠵᠢᠨ ᠬᠤᠳᠠ᠂ ᠤᠢ ᠰᠢᠭᠤᠢ ᠵᠢᠨ ᠰᠢᠶᠠᠩ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠲᠠᠰᠤᠷᠠᠯᠳᠠ ᠦᠭᠡᠢ ᠠᠬᠢᠭᠤᠯᠪᠠ᠃ 2024 ᠣᠨ᠎ᠳᠤ᠂ ᠮᠠᠨ᠎ᠤ ᠣᠷᠣᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 4 ᠣᠶ ᠰᠢᠭᠤᠢ ᠵᠢᠨ ᠬᠤᠲᠠ᠂ 15 ᠣᠶ ᠰᠢᠭᠤᠢ ᠵᠢᠨ ᠰᠢᠶᠠᠩ ᠪᠠᠯᠭ᠋ᠠᠰᠤ ᠵᠢ ᠦᠷᠭᠦᠯᠵᠢᠯᠡᠨ ᠡᠭᠦᠳᠦᠨ ᠪᠠᠶ᠋ᠢᠭᠤᠯᠬᠤ ᠪᠣᠯᠣᠨ᠎ᠠ᠃
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ
ᠪᠦᠬᠦ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠣᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠠᠵᠤ ᠠᠬᠤᠶ᠋ᠢᠯᠠᠯ᠎ᠯᠤᠭ᠎ᠠ 2024 ᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠡᠪᠡᠰᠦᠨ ᠦᠷ᠎ᠡ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ 2024 ᠣᠨ᠎ᠤ 《ᠤᠮᠠᠷᠠᠲᠤ ᠵᠢᠨ ᠭᠤᠷᠪᠠᠨ ᠤᠷᠤᠨ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠳ᠋ ᠪᠣᠳᠠᠰ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠪᠠᠷ ᠪᠤᠢ᠃
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠪᠦᠬᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶ᠋ᠢᠴᠢᠨ ᠬᠤᠷᠠᠯ᠎ᠢ ᠡᠷᠭᠢᠯᠡᠵᠠᠢ
 
             蒙ICP备05000248号