《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢᠨ ᠲᠤᠰᠠᠳᠠ᠂ 2 ᠰᠠᠷ᠎ᠠ ᠵᠢᠨ 26᠎ᠤ ᠡᠳᠦᠷ᠎ᠠᠴᠠ 28᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠪᠦᠯᠬᠦᠮ ᠳᠠᠭ᠋ᠠᠭᠤᠯᠤᠨ᠂ ᠬᠠᠮᠢᠶ᠎ᠠ ᠪᠥᠬᠥᠶ ᠭᠠᠵᠠᠷ᠂ ᠨᠢᠭᠡᠴᠡ ᠵᠢ ᠵᠣᠬᠢᠶᠠᠨ ᠪᠠᠶ᠋ᠢᠭᠤᠯᠵᠤ᠂ ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ᠂ ᠣᠩᠨᠢᠭᠤᠳ ᠬᠣᠰᠢᠭᠤᠨ᠎ᠳᠤ ᠬᠦᠷᠴᠦ ᠲᠤᠰᠬᠠᠶ ᠪᠠᠶ᠋ᠢᠴᠠᠭ᠋ᠠᠨ ᠰᠤᠳᠤᠯᠤᠯᠲᠠ ᠶᠠᠪᠤᠭᠳᠠᠭᠤᠯᠪᠠ᠃
ᠪᠠᠢ᠌ᠴᠠᠭ᠋ᠠᠨ ᠰᠤᠳᠤᠯᠤᠯᠳᠠ ᠵᠢᠨ ᠬᠤᠭᠤᠴᠠᠭ᠋ᠠᠨ᠎ᠳᠤ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠤᠷᠢᠳ ᠬᠣᠵᠢᠳ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠲᠦᠷᠦᠯ ᠵᠦᠢ᠍ᠯ᠎ᠢ ᠬᠡᠷᠡᠭᠵᠢᠬᠦᠯᠵᠦ ᠪᠠᠢ᠌ᠭ᠎ᠠ ᠭᠠᠵᠠᠷ᠎ᠢ ᠪᠠᠶ᠋ᠢᠴᠠᠭ᠋ᠠᠨ ᠦᠵᠡᠵᠦ᠂ ᠠᠵᠢᠯ᠎ᠤᠨ ᠠᠬᠢᠴᠠ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠣᠶ᠋ᠢᠯᠠᠭ᠋ᠠᠭᠰᠠᠨ᠎ᠤ ᠬᠠᠮᠲᠤ᠂ ᠣᠷᠣᠨ ᠨᠤᠲᠤᠭ᠎ᠤᠨ ᠬᠠᠮᠢᠶ᠎ᠠ ᠪᠥᠬᠥᠶ ᠰᠠᠯᠠᠭ᠎ᠠ ᠮᠥᠴᠢᠷ᠂ ᠠᠵᠤ ᠠᠬᠤᠶ᠋ᠢᠯᠠᠯ᠎ᠲᠠᠢ ᠲᠥᠷᠥᠯ ᠵᠦᠢ᠍ᠯ᠎ᠤᠨ ᠪᠣᠯᠤᠮᠵᠢᠲᠤ ᠴᠢᠨᠠᠷ᠎ᠤᠨ ᠰᠤᠳᠤᠯᠭ᠋ᠠᠨ᠎ᠤ ᠮᠡᠳᠡᠭᠦᠯᠦᠯᠲᠡ ᠪᠠ ᠬᠡᠷᠡᠭᠵᠢᠭᠦᠯᠬᠦ ᠲᠥᠰᠦᠯ᠎ᠢ ᠨᠠᠶ᠋ᠢᠳᠠᠪᠤᠷᠢᠵᠢᠭᠤᠯᠬᠤ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠪᠡᠯᠡᠳᠬᠡᠯ᠂ ᠨᠠᠶ᠋ᠢᠳᠠᠪᠤᠷᠢᠵᠢᠭᠤᠯᠤᠭᠰᠠᠨ ᠪᠠᠢ᠌ᠳᠠᠯ᠂ ᠵᠣᠬᠢᠴᠠᠭᠤᠯᠤᠨ ᠰᠢᠢ᠍ᠳᠪᠦᠷᠢᠯᠡᠬᠦ ᠴᠢᠬᠤᠯᠠᠲᠠᠶ ᠠᠰᠠᠭᠤᠳᠠᠯ ᠵᠡᠷᠭᠡ ᠠᠭᠤᠯᠭ᠎ᠠ ᠵᠢᠨ ᠲᠣᠭᠣᠷᠢᠨ᠎ᠳᠤ ᠶᠠᠷᠢᠯᠴᠠᠬᠤ ᠬᠤᠷᠠᠯ ᠥᠷᠨᠢᠭᠦᠯᠦᠭᠰᠡᠨ ᠪᠥᠭᠡᠳ ᠬᠠᠮᠢᠶ᠎ᠠ ᠪᠥᠬᠥᠶ ᠪᠠᠯᠠ ᠮᠥᠩᠭᠥ ᠵᠢᠨ ᠲᠥᠰᠦᠪ᠎ᠤᠨ ᠬᠡᠷᠡᠭᠵᠢᠭᠦᠯᠦᠯᠲᠡ᠂ ᠦᠷ᠎ᠡ ᠪᠦᠲᠦᠮᠵᠢ ᠵᠢᠨ ᠬᠠᠷᠠᠯᠲᠠ ᠵᠢ ᠨᠠᠶ᠋ᠢᠳᠠᠪᠤᠷᠢᠵᠢᠭᠤᠯᠬᠤ᠂ ᠲᠥᠷᠥᠯ ᠵᠦᠢ᠍ᠯ᠎ᠢ ᠰᠢᠯᠭ᠋ᠠᠨ ᠠᠪᠴᠤ ᠴᠡᠭᠴᠡᠯᠡᠨ ᠰᠠᠶ᠋ᠢᠵᠢᠷᠠᠭᠤᠯᠬᠤ ᠵᠡᠷᠭᠡ ᠪᠠᠶ᠋ᠢᠳᠠᠯ᠎ᠢ ᠰᠣᠳᠤᠯᠤᠨ ᠶᠠᠷᠢᠯᠴᠠᠪᠠ᠃
ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠪᠠ ᠬᠣᠷᠴᠢᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠯᠠᠯᠳᠤᠭ᠋ᠠᠨ᠎ᠤ ᠲᠤᠬᠠᠶ ᠬᠡᠳᠦᠨ ᠰᠠᠨᠠᠯ ᠳᠤᠷᠠᠳᠪᠠ᠃ ᠨᠢᠭᠡ᠎ᠳᠤ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠲᠥᠯᠥᠪᠵᠢᠭᠦᠯᠭᠡ ᠪᠣᠯᠤᠨ ᠬᠣᠷᠴᠢᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠲᠡᠶ᠋ᠢᠨ᠎ᠤ ᠬᠡᠷᠡᠭᠵᠢᠭᠦᠯᠬᠦ ᠲᠥᠰᠦᠯ ᠶᠣᠰᠣᠭ᠋ᠠᠷ ᠠᠵᠢᠯ ᠵᠶ᠋ᠠᠨ ᠰᠠᠶ᠋ᠢᠲᠤᠷ ᠠᠳᠬᠤᠵᠤ ᠨᠠᠶ᠋ᠢᠳᠠᠪᠤᠷᠢᠵᠢᠭᠤᠯᠬᠤ ᠬᠡᠷᠡᠭᠲᠡᠶ; ᠬᠣᠶᠠᠷ᠎ᠲᠤ᠂ ᠰᠢᠰᠲ᠋ᠧᠮ᠎ᠲᠠᠢ ᠶᠡᠷᠦᠩᠬᠡᠶ᠋ᠢᠯᠡᠨ ᠵᠠᠰᠠᠬᠤ ᠵᠢ ᠲᠤᠪᠤᠢ᠍ᠢ᠍ᠯᠭ᠋ᠠᠵᠤ᠂ ᠭᠠᠵᠠᠷ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠭᠦᠢ᠍ᠴᠡᠳ ᠤᠶᠠᠯᠳᠤᠭᠤᠯᠵᠤ᠂ ᠠᠮᠢ ᠠᠬᠤᠢ᠂ ᠦᠢ᠍ᠯᠡᠳᠪᠦᠷᠢᠯᠡᠯ᠂ ᠠᠮᠢᠳᠤᠷᠠᠯ ᠵᠡᠷᠭᠡ ᠡᠯᠧᠮᠧᠨ᠋ᠲ᠎ᠢ ᠶᠡᠷᠦᠩᠬᠡᠶ᠋ᠢᠯᠡᠨ ᠪᠣᠳᠣᠯᠬᠢᠯᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ; ᠭᠤᠷᠪᠠ᠎ᠳᠤ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠬᠤ ᠬᠡᠷᠡᠭᠲᠡᠢ᠃ ᠢᠨᠵᠧᠨᠧᠷᠢᠩ᠎ᠤᠨ ᠬᠡᠷᠡᠭᠵᠢᠭᠦᠯᠦᠯᠲᠡ ᠵᠢᠨ ᠪᠣᠯᠤᠮᠵᠢᠲᠤ ᠴᠢᠨᠠᠷ᠎ᠤᠨ ᠰᠤᠳᠤᠯᠭ᠋ᠠᠨ᠎ᠤ ᠮᠡᠳᠡᠭᠦᠯᠦᠯᠲᠡ᠂ ᠬᠡᠷᠡᠭᠵᠢᠭᠦᠯᠬᠦ ᠲᠥᠰᠦᠯ᠎ᠢ ᠨᠠᠶ᠋ᠢᠷᠠᠭᠤᠯᠤᠨ ᠵᠣᠬᠢᠶᠠᠬᠤ ᠪᠠ ᠭᠠᠵᠠᠷ ᠤᠷᠤᠨ᠎ᠳᠤ ᠨᠠᠶ᠋ᠢᠳᠠᠪᠤᠷᠢᠵᠢᠭᠤᠯᠬᠤ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠵᠦ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠨ᠂ ᠵᠠᠰᠠᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃