ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠴᠤᠤᠯ ᠭᠤᠣᠯ᠎ᠤᠨ ᠤᠰᠤ ᠵᠢ ᠲᠠᠲᠠᠵᠤ ᠯᠢᠶᠣᠣ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ 9 ᠵᠣᠷᠪᠤᠰ ᠰᠠᠯᠪᠤᠷᠢ ᠱᠤᠭᠤᠮ᠎ᠢ ᠪᠦᠬᠦ ᠲᠠᠯ᠎ᠠ᠎ᠪᠠᠷ ᠪᠠᠷᠢᠯᠭ᠎ᠠ ᠡᠬᠢᠯᠡᠭᠦᠯᠪᠡ
ᠨᠡᠶ᠋ᠢᠲᠡᠯᠡᠭᠰᠡᠨ ᠴᠠᠭ᠄ 2024-03-01

 

    ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ 2024 ᠣᠨ᠎ᠤ 1 ᠳ᠋ᠦ᠍ᠭᠡᠷ ᠰᠠᠷ᠎ᠠ ᠪᠣᠯᠲᠠᠯ᠎ᠠ᠂ ᠴᠤᠤᠯ ᠭᠤᠣᠯ᠎ᠤᠨ ᠤᠰᠤ ᠵᠢ ᠲᠠᠲᠠᠵᠤ ᠯᠢᠶᠣᠣ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ 9 ᠵᠣᠷᠪᠤᠰ ᠰᠠᠯᠪᠤᠷᠢ ᠱᠤᠭᠤᠮ᠎ᠢ ᠪᠥᠬᠦ ᠲᠠᠯ᠎ᠠ᠎ᠪᠠᠷ ᠪᠠᠷᠢᠯᠭ᠎ᠠ ᠡᠬᠢᠯᠡᠭᠦᠯᠵᠦ᠂ ᠠᠷᠠᠳ᠎ᠢ ᠰᠢᠯᠵᠢᠭᠦᠯᠦᠨ ᠭᠠᠵᠠᠷ ᠲᠠᠲᠠᠪᠤᠷᠢᠯᠠᠬᠤ ᠠᠵᠢᠯ᠎ᠢ ᠨᠢᠭᠡᠨᠲᠡ ᠦᠨᠳᠦᠰᠦᠨ᠎ᠳᠤ᠎ᠪᠠᠨ ᠳᠠᠭᠤᠰᠬᠠᠵᠠᠢ᠃ 187 ᠺᠢᠯᠣᠮᠧᠳ᠋ᠷ ᠬᠤᠭᠤᠯᠠᠢ ᠵᠢᠨ ᠮᠠᠲ᠋ᠧᠷᠢᠶᠠᠯ ᠦᠢ᠍ᠯᠡᠳᠪᠦᠷᠢᠯᠡᠵᠦ᠂ 122 ᠺᠢᠯᠣᠮᠧᠳ᠋ᠷ ᠬᠤᠭᠤᠯᠠᠢ ᠱᠤᠭᠤᠮ᠎ᠢ ᠳᠡᠪᠢᠰᠴᠦ᠂ ᠪᠠᠷᠢᠯᠭ᠎ᠠ᠎ᠳᠤ ᠨᠡᠶ᠋ᠢᠲᠡ 17.96 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠨ᠂ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠨᠣᠷᠮ᠎ᠠ 31%᠎ᠳᠤ ᠬᠥᠷᠪᠡ᠃
    ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠵᠢᠴᠢ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ᠂ ᠦᠨᠳᠡᠭᠡᠨ ᠴᠥᠭᠦᠷᠥᠮ ᠵᠶ᠋ᠠᠷ ᠳᠠᠮᠵᠢᠭᠤᠯᠤᠨ ᠴᠤᠤᠯ ᠭᠤᠣᠯ᠎ᠤᠨ ᠤᠰᠤ ᠵᠢ ᠲᠣᠬᠢᠷᠠᠭᠤᠯᠪᠠᠯ᠂ ᠴᠤᠤᠯ ᠭᠤᠣᠯ᠎ᠤᠨ ᠳᠣᠣᠷᠠᠳᠤ ᠤᠷᠤᠰᠬᠠᠯ᠎ᠤᠨ ᠲᠠᠷᠢᠶᠠᠯᠠᠩ᠎ᠤᠨ ᠤᠰᠤᠯᠠᠯᠲᠠ ᠵᠢᠨ ᠨᠥᠬᠦᠴᠡᠯ᠎ᠢ ᠰᠠᠶ᠋ᠢᠵᠢᠷᠠᠭᠤᠯᠵᠤ᠂ ᠤᠰᠤ ᠳᠠᠮᠵᠢᠭᠤᠯᠬᠤ ᠵᠠᠮ ᠳᠠᠭ᠋ᠠᠤ ᠵᠢᠨ ᠬᠤᠲᠠ ᠵᠢᠴᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠤᠰᠤ ᠬᠠᠩᠭ᠋ᠠᠵᠤ᠂ ᠤᠰᠤ ᠬᠦᠯᠢᠶᠡᠨ ᠠᠪᠬᠤ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠳᠤ ᠬᠡᠷᠡᠭᠯᠡᠬᠦ ᠤᠰᠤᠨ᠎ᠤ ᠠᠰᠠᠭᠤᠳᠠᠯ᠎ᠢ ᠰᠢᠢ᠍ᠳᠪᠦᠷᠢᠯᠡᠨ᠂ ᠲᠦᠩᠯᠢᠶᠣᠣ ᠣᠷᠣᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠪᠠᠶ᠋ᠢᠳᠠᠯ᠎ᠢ ᠪᠦᠲᠦᠮᠵᠢᠲᠡᠶ᠎ᠪᠠᠷ ᠨᠠᠮᠳᠠᠭᠤᠯᠬᠤ ᠪᠣᠯᠣᠨ᠎ᠠ᠃ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠥᠷᠭᠦᠯᠵᠢᠯᠡᠬᠦᠶ᠋ᠢᠴᠡ ᠬᠥᠭᠵᠢᠯᠲᠡ ᠪᠠ ᠣᠷᠣᠨ ᠪᠦᠰᠡ ᠵᠢᠨ ᠠᠮᠢ ᠠᠬᠤᠢ ᠣᠷᠴᠢᠨ ᠲᠣᠭᠤᠷᠢᠨ᠎ᠢ ᠰᠡᠷᠭᠦᠭᠡᠬᠦ ᠠᠬᠢᠴᠠ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠲᠤᠶ᠋ᠢᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ 19 ᠭᠠᠵᠠᠷ ᠣᠷᠣᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠬᠤᠲᠠ ᠪᠠ ᠣᠶ ᠰᠢᠭᠤᠢ ᠵᠢᠨ ᠰᠢᠶᠠᠩ ᠪᠠᠯᠭ᠋ᠠᠰᠤ ᠵᠢᠨ ᠴᠣᠯᠠ ᠵᠢ ᠭᠥᠷᠳᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ
ᠪᠦᠬᠦ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠣᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠠᠵᠤ ᠠᠬᠤᠶ᠋ᠢᠯᠠᠯ᠎ᠯᠤᠭ᠎ᠠ 2024 ᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠡᠪᠡᠰᠦᠨ ᠦᠷ᠎ᠡ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ 2024 ᠣᠨ᠎ᠤ 《ᠤᠮᠠᠷᠠᠲᠤ ᠵᠢᠨ ᠭᠤᠷᠪᠠᠨ ᠤᠷᠤᠨ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠳ᠋ ᠪᠣᠳᠠᠰ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠪᠠᠷ ᠪᠤᠢ᠃
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
 
             蒙ICP备05000248号