ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠦᠬᠦ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠣᠯᠪᠠ
ᠨᠡᠶ᠋ᠢᠲᠡᠯᠡᠭᠰᠡᠨ ᠴᠠᠭ᠄ 2024-03-12


    《ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠬᠡᠷᠡᠭᠵᠢᠭᠦᠯᠬᠦ ᠲᠥᠰᠦᠯ (2023—2025 ᠣᠨ)》᠎ᠳᠤ ᠪᠠᠶ᠋ᠢᠷᠢᠯᠠᠭᠤᠯᠤᠭᠰᠠᠨ ᠠᠵᠢᠯ᠎ᠤᠨ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠬᠦ ᠵᠢᠨ ᠬᠠᠮᠲᠤ᠂ ᠤᠳᠠᠯ ᠥᠬᠡᠶ ᠠᠰᠢᠭᠯᠠᠯᠲᠠ᠎ᠳᠤ ᠣᠷᠣᠭᠤᠯᠬᠤ᠎ᠪᠠᠷ ᠪᠠᠶ᠋ᠢᠭ᠎ᠠ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠪᠡᠯᠡᠳᠬᠡᠮᠵᠢ ᠵᠢ ᠬᠠᠳᠠᠭ᠋ᠠᠯᠠᠬᠤ ᠬᠥᠮᠥᠷᠭᠡ ᠵᠢᠨ ᠥᠪᠥᠷ ᠮᠣᠩᠭᠣᠯ᠎ᠤᠨ ᠬᠤᠪᠢᠶᠠᠷᠢ ᠬᠥᠮᠥᠷᠭᠡ᠎ᠳᠤ ᠡᠬᠢ ᠪᠠᠶᠠᠯᠢᠭ᠎ᠢ ᠬᠠᠩᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ᠎ᠨᠢ 2023 ᠣᠨ᠎ᠳᠤ ᠪᠥᠬᠥ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠵᠤ ᠴᠤᠭᠯᠠᠭᠤᠯᠬᠤ ᠲᠥᠷᠥᠯ ᠵᠦᠢ᠍ᠯ᠎ᠢ ᠡᠬᠢᠯᠡᠭᠦᠯᠦᠨ ᠬᠡᠷᠡᠭᠵᠢᠬᠦᠯᠪᠡ᠃ ᠲᠥᠷᠥᠯ ᠵᠦᠢ᠍ᠯ᠎ᠢ ᠭᠤᠷᠪᠠᠨ ᠵᠢᠯ᠎ᠤᠨ ᠬᠤᠭᠤᠴᠠᠭ᠋ᠠᠨ᠎ᠳᠤ ᠠᠰᠢᠭᠯᠠᠬᠤ᠎ᠪᠠᠷ ᠲᠥᠯᠥᠪᠯᠡᠵᠦ᠂ ᠡᠪᠡᠰᠦᠨ ᠦᠷ᠎ᠡ ᠵᠢᠨ ᠲᠥᠷᠥᠯ ᠬᠡᠯᠪᠡᠷᠢ ᠪᠣᠯᠤᠨ ᠠᠮᠢ ᠠᠬᠤᠶ ᠵᠢᠨ ᠬᠡᠯᠪᠡᠷᠢ ᠵᠢᠨ ᠲᠠᠷᠬᠠᠯᠲᠠ ᠶᠣᠰᠣᠭ᠋ᠠᠷ ᠮᠠᠨ᠎ᠤ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠪᠦᠬᠦ ᠲᠠᠯ᠎ᠠ᠎ᠪᠠᠷ ᠨᠡᠶ᠋ᠢᠳᠡᠮ ᠪᠠᠢ᠌ᠴᠠᠭ᠋ᠠᠭᠰᠠᠨ ᠪᠠ ᠭᠣᠣᠯᠳᠠᠯᠭ᠎ᠠ᠎ᠲᠠᠢ ᠴᠤᠭᠯᠠᠭᠤᠯᠪᠠ᠃ ᠠᠵᠢᠯ᠎ᠤᠨ ᠶᠠᠰᠤ ᠴᠢᠨᠠᠷ᠎ᠢ ᠪᠠᠲᠤᠯᠠᠬᠤ ᠵᠢᠨ ᠲᠥᠯᠥᠭᠡ᠂  ᠲᠦᠷᠦᠯ ᠵᠦᠢ᠍ᠯ᠎ᠢ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ ᠭᠤᠷᠪᠠᠨ ᠮᠡᠷᠭᠡᠵᠢᠯ᠎ᠤᠨ ᠪᠦᠯᠬᠦᠮ᠎ᠳᠤ ᠨᠠᠶ᠋ᠢᠳᠠᠨ ᠬᠡᠷᠡᠭᠵᠢᠭᠦᠯᠵᠦ᠂ 2023 ᠣᠨ᠎ᠳᠤ ᠨᠢᠭᠡᠨᠲᠡ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠰᠢᠯᠢ ᠵᠢᠨ ᠭᠤᠤᠯ ᠠᠶ᠋ᠢᠮᠠᠭ ᠵᠡᠷᠭᠡ ᠳᠥᠷᠪᠡᠨ ᠠᠶ᠋ᠢᠮᠠᠭ ᠬᠣᠲᠠ ᠵᠢᠨ ᠭᠠᠳᠠᠭ᠋ᠠᠳᠤ ᠠᠵᠢᠯ ᠲᠥᠷᠥᠯ᠎ᠤᠨ ᠨᠡᠶ᠋ᠢᠳᠡᠮ ᠪᠠᠶ᠋ᠢᠴᠠᠭ᠋ᠠᠯᠲᠠ ᠪᠠ ᠡᠬᠢ ᠪᠠᠶᠠᠯᠢᠭ᠎ᠢ ᠴᠤᠭᠯᠠᠭᠤᠯᠬᠤ ᠡᠭᠦᠷᠭᠡ ᠵᠢ ᠪᠡᠶᠡᠯᠡᠭᠦᠯᠵᠦ᠂ ᠨᠡᠶ᠋ᠢᠲᠡ ᠬᠢᠶᠠᠭ ᠡᠪᠡᠰᠦ᠂ ᠶᠦᠷᠬᠦᠭ᠂ ᠬᠤᠵᠢᠷᠯᠢᠭ ᠡᠪᠡᠰᠦ᠂  ᠰᠢᠪᠸᠷᠢᠶ᠎ᠠ ᠰᠢᠷ᠎ᠠ ᠬᠢᠶᠠᠭ᠎ᠢ ᠪᠠᠭᠲᠠᠭ᠋ᠠᠭᠰᠠᠨ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ 950 ᠬᠤᠪᠢ ᠴᠤᠭᠯᠠᠭᠤᠯᠪᠠ᠃ ᠡᠭᠦᠨ᠎ᠤ ᠬᠠᠮᠲᠤ᠂ ᠲᠥᠷᠥᠯ ᠵᠦᠢ᠍ᠯ᠎ᠳᠤ ᠴᠤᠭᠯᠠᠭᠤᠯᠤᠭᠰᠠᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠲᠤ ᠬᠢᠨᠠᠨ ᠲᠣᠭᠲᠠᠭ᠋ᠠᠵᠤ ᠦᠨᠡᠯᠡᠬᠦ ᠪᠠ ᠳᠠᠩᠰᠠᠯᠠᠨ ᠬᠥᠮᠥᠷᠭᠡ᠎ᠳᠤ ᠣᠷᠣᠭᠤᠯᠬᠤ ᠠᠵᠢᠯ᠎ᠢ ᠠᠯᠬᠤᠮ ᠠᠯᠬᠤᠮ ᠵᠶ᠋ᠠᠷ ᠶᠠᠪᠤᠭᠳᠠᠭᠤᠯᠪᠠ᠃
     ᠲᠤᠰ ᠤᠳᠠᠭ᠎ᠠ ᠵᠢᠨ ᠨᠡᠶ᠋ᠢᠳᠡᠮ ᠪᠠᠶ᠋ᠢᠴᠠᠭ᠋ᠠᠯᠲᠠ᠎ᠨᠢ ᠪᠦᠬᠦ ᠣᠷᠣᠨ᠎ᠤ ᠡᠪᠡᠰᠦᠨ ᠦᠷ᠎ᠡ ᠵᠢᠨ ᠡᠬᠢ ᠪᠠᠶᠠᠯᠢᠭ᠎ᠤᠨ ᠲᠠᠷᠬᠠᠯᠲᠠ ᠵᠢᠨ ᠪᠠᠶ᠋ᠢᠳᠠᠯ᠂ ᠬᠦᠢ ᠵᠢᠨ ᠲᠦᠷᠦᠯ ᠬᠡᠯᠪᠡᠷᠢ᠂ ᠥᠰᠥᠯᠲᠡ ᠵᠢᠨ ᠣᠷᠴᠢᠨ ᠲᠣᠭᠣᠷᠢᠨ᠂ ᠥᠰᠥᠯᠲᠡ ᠵᠢᠨ ᠪᠠᠶ᠋ᠢᠳᠠᠯ᠂ ᠬᠠᠳᠠᠭ᠋ᠠᠯᠠᠯᠲᠠ ᠵᠢᠨ ᠪᠠᠶ᠋ᠢᠳᠠᠯ᠂ ᠣᠷᠴᠢᠨ ᠲᠣᠭᠣᠷᠢᠨ᠎ᠤ ᠨᠥᠯᠥᠭᠡ ᠵᠡᠷᠭᠡ ᠲᠠᠯ᠎ᠠ᠎ᠳᠤ ᠬᠢᠭᠰᠡᠨ ᠪᠦᠬᠦ ᠲᠠᠯ᠎ᠠ ᠵᠢᠨ ᠪᠠᠶ᠋ᠢᠴᠠᠭ᠋ᠠᠯᠲᠠ᠎ᠪᠠᠷ ᠪᠠᠷᠠᠬᠤ ᠦᠭᠡᠢ᠂ ᠢᠯᠠᠩᠭᠤᠶ᠎ᠠ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠳᠦᠷᠰᠦ ᠵᠢᠨ ᠳᠣᠲᠣᠭ᠋ᠠᠳᠤ ᠬᠤᠪᠢᠷᠠᠯᠲᠠ᠂ ᠲᠣᠭᠲᠠᠪᠤᠷᠢᠲᠤ ᠴᠢᠨᠠᠷ᠂ ᠰᠥᠷᠭᠡᠦ ᠵᠢ ᠡᠰᠡᠷᠭᠦᠴᠡᠬᠦ ᠴᠢᠨᠠᠷ᠂ ᠠᠵᠤ ᠠᠬᠤᠢ ᠵᠢᠨ ᠴᠢᠨᠠᠷ ᠵᠡᠷᠭᠡ ᠰᠢᠨᠵᠢ ᠪᠠᠶ᠋ᠢᠳᠠᠯ᠎ᠳᠤ ᠬᠢᠭᠰᠡᠨ ᠰᠢᠰᠲᠸᠮ᠎ᠲᠠᠢ ᠦᠨᠡᠯᠡᠯᠲᠡ ᠪᠠᠶ᠋ᠢᠵᠤ᠂ ᠬᠡᠭᠡᠷ᠎ᠡ ᠵᠢᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠠᠮᠤᠷ ᠲᠦᠪᠰᠢᠨ ᠵᠶ᠋ᠠᠷ ᠬᠠᠳᠠᠭ᠋ᠠᠯᠠᠬᠤ ᠪᠠ ᠵᠣᠬᠢᠰᠲᠠᠢ ᠠᠰᠢᠭᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠠᠶ᠋ᠢᠵᠤ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠠ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠂ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠠᠵᠤ ᠠᠬᠤᠶ᠋ᠢᠯᠠᠯ᠎ᠯᠤᠭ᠎ᠠ 2024 ᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠡᠪᠡᠰᠦᠨ ᠦᠷ᠎ᠡ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ 2024 ᠣᠨ᠎ᠤ 《ᠤᠮᠠᠷᠠᠲᠤ ᠵᠢᠨ ᠭᠤᠷᠪᠠᠨ ᠤᠷᠤᠨ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠳ᠋ ᠪᠣᠳᠠᠰ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠪᠠᠷ ᠪᠤᠢ᠃
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠪᠦᠬᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶ᠋ᠢᠴᠢᠨ ᠬᠤᠷᠠᠯ᠎ᠢ ᠡᠷᠭᠢᠯᠡᠵᠠᠢ
ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠸᠠᠩ ᠭᠤᠸᠠᠨ ᠼᠦᠩ ᠭᠠᠵᠠᠷ᠎ᠤᠨ ᠳᠠᠷᠤᠭ᠎ᠠ ᠨᠠᠷ ᠮᠠᠨ᠎ᠤ ᠣᠷᠣᠨ᠎ᠤ ᠬᠢᠩᠭ᠋ᠠᠨ ᠠᠶ᠋ᠢᠮᠠᠭ᠂ ᠲᠦᠩᠯᠢᠶᠣᠤ ᠬᠤᠳᠠ᠎ᠳᠤ ᠬᠦᠷᠴᠦ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠶ᠋ᠢᠴᠠᠭ᠋ᠠᠨ ᠰᠢᠨᠵᠢᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠠᠲᠤᠨ ᠭᠤᠤᠯ᠎ᠤᠨ 《ᠤᠭ᠋ᠠᠯᠵᠠ ᠲᠣᠬᠣᠶ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ᠎ᠳᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
 
             蒙ICP备05000248号