ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠠᠵᠤ ᠠᠬᠤᠶ᠋ᠢᠯᠠᠯ᠎ᠯᠤᠭ᠎ᠠ 2024 ᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠡᠪᠡᠰᠦᠨ ᠦᠷ᠎ᠡ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ 2024 ᠣᠨ᠎ᠤ 《ᠤᠮᠠᠷᠠᠲᠤ ᠵᠢᠨ ᠭᠤᠷᠪᠠᠨ ᠤᠷᠤᠨ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠳ᠋ ᠪᠣᠳᠠᠰ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠪᠠᠷ ᠪᠤᠢ᠃
ᠨᠡᠶ᠋ᠢᠲᠡᠯᠡᠭᠰᠡᠨ ᠴᠠᠭ᠄ 2024-03-13

   
     ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠠ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠳ᠋ ᠪᠠᠷᠠᠭ᠎ᠠ ᠵᠢᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠬᠤᠷᠠᠯ᠎ᠠᠴᠠ ᠳᠤᠷᠠᠳᠤᠭᠰᠠᠨ 《ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ》᠎ᠢ ᠪᠥᠬᠥ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠡᠪᠡᠰᠦᠨ᠎ᠤ ᠠᠵᠤ ᠦᠢ᠍ᠯᠡᠰ᠎ᠢ ᠤᠯᠠᠮ ᠴᠢᠨᠠᠭᠰᠢᠳᠠ ᠬᠦᠭᠵᠢᠬᠦᠯᠬᠦ ᠵᠢᠨ ᠲᠦᠯᠦᠭᠡ᠂ 3 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠭᠡᠳ 9 ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ 2024 ᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠭᠤᠶᠤᠴᠢᠯᠠᠨ ᠭᠥᠷᠳᠡᠭᠰᠡᠨ 36 ᠠᠵᠤ ᠠᠬᠤᠶ᠋ᠢᠯᠠᠯ 《2024 ᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ ᠡᠪᠡᠰᠦᠨ ᠦᠷ᠎ᠡ ᠬᠠᠩᠭ᠋ᠠᠬᠤ ᠵᠢ ᠪᠠᠲᠤᠯᠠᠬᠤ ᠬᠠᠷᠢᠭᠤᠴᠠᠯᠭ᠎ᠠ ᠵᠢᠨ ᠪᠢᠴᠢᠭ》 ᠲᠣᠭᠲᠠᠪᠠ᠂ ᠨᠡᠶ᠋ᠢᠲᠡ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ 22.7 ᠲᠦᠮᠡᠨ ᠮᠦ᠍ ᠪᠠ 300 ᠲᠦᠮᠡᠨ ᠺᠢᠯᠣᠭ᠌ᠷᠠᠮ᠎ᠤᠨ ᠡᠯ᠎ᠡ ᠲᠥᠷᠥᠯ᠎ᠤᠨ ᠰᠠᠶ᠋ᠢᠨ ᠡᠭᠦᠯᠳᠡᠷ᠎ᠤᠨ ᠦᠢ᠍ᠯᠡᠳᠪᠦᠷᠢᠯᠡᠯ᠎ᠳᠤ ᠬᠣᠯᠪᠣᠭᠳᠠᠨ᠎ᠠ᠃ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠬᠤ᠎ᠪᠠᠷ ᠳᠠᠮᠵᠢᠭᠤᠯᠤᠨ᠂ ᠬᠠᠷᠢᠭᠤᠴᠠᠯᠭ᠎ᠠ ᠵᠢᠨ ᠪᠢᠴᠢᠭ᠎ᠢ ᠲᠤᠭᠲᠠᠬᠤ᠎ᠪᠠᠷ ᠳᠠᠮᠵᠢᠨ᠂ ᠭᠤᠷᠪᠠᠨ ᠲᠠᠯ᠎ᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠵᠢᠨ ᠬᠠᠮᠲᠤ ᠬᠥᠬᠡ ᠲᠠᠯ᠎ᠠ (ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ)᠂ ᠤᠯᠠᠭ᠋ᠠᠨ ᠲᠠᠯ᠎ᠠ (ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ)᠎ᠨᠤᠭᠤᠳ ᠬᠠᠮᠵᠢᠯᠴᠠᠵᠤ᠂ ᠬᠥᠬᠡᠭᠴᠢᠨ ᠲᠠᠯ᠎ᠠ (ᠡᠪᠡᠰᠦᠨ ᠦᠷ᠎ᠡ ᠦᠢ᠍ᠯᠡᠳᠪᠦᠷᠢᠯᠡᠬᠦ ᠠᠵᠤ ᠠᠬᠤᠶ᠋ᠢᠯᠠᠯ) ᠵᠢ ᠪᠠᠷᠢᠮᠵᠢᠶ᠎ᠠ᠎ᠳᠤ ᠬᠦᠷᠦᠭᠦᠯᠦᠭᠰᠡᠨ᠎ᠤ ᠳᠠᠷᠠᠭ᠎ᠠ᠂ ᠠᠵᠤ ᠠᠬᠤᠶ᠋ᠢᠯᠠᠯ᠎ᠢ ᠬᠠᠪᠰᠤᠷᠤᠨ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ᠂ ᠨᠥᠬᠥᠪᠥᠷᠢ ᠪᠡᠯᠡ ᠮᠥᠩᠭᠥ ᠵᠢ ᠥᠷᠢᠲᠦᠵᠦ ᠪᠠᠶ᠋ᠢᠭ᠎ᠠ ᠠᠰᠠᠭᠤᠳᠠᠯ᠎ᠢ  ᠰᠢᠢ᠍ᠳᠪᠦᠷᠢᠯᠡᠨ᠂ ᠡᠪᠡᠰᠦᠨ ᠦᠷ᠎ᠡ ᠵᠢᠨ ᠠᠵᠤ ᠠᠬᠤᠶ᠋ᠢᠯᠠᠯ᠎ᠢ ᠰᠢᠯᠢᠳᠡᠭ ᠰᠠᠢ᠌ᠨ ᠠᠵᠤ ᠦᠢ᠍ᠯᠡᠰ᠎ᠤᠨ ᠣᠷᠴᠢᠨ᠎ᠳᠤ ᠬᠥᠭᠵᠢᠯᠲᠡ ᠵᠢ ᠡᠷᠢᠯᠬᠢᠯᠡᠨ᠂ ᠰᠢᠨ᠎ᠡ ᠵᠠᠮ ᠨᠡᠭᠡᠭᠡᠵᠦ᠂ ᠰᠢᠨ᠎ᠡ ᠭᠠᠪᠢᠶ᠎ᠠ ᠪᠠᠶ᠋ᠢᠭᠤᠯᠵᠤ᠂ ᠲᠥᠷᠥ ᠵᠢᠨ ᠪᠣᠳᠣᠯᠭ᠎ᠠ ᠵᠢᠨ ᠴᠡᠪᠡᠷ ᠠᠰᠢᠭ᠎ᠢ ᠦᠨᠡᠨᠬᠦ ᠠᠵᠤ ᠦᠢ᠍ᠯᠡᠰ᠎ᠤᠨ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠲᠥᠷᠥ ᠵᠢᠨ ᠪᠣᠳᠣᠯᠭ᠎ᠠ ᠵᠢ ᠦᠨᠡᠨᠬᠦ ᠪᠤᠳᠠᠳᠠᠢ᠌ᠵᠢᠭᠤᠯᠤᠨ᠎ᠠ᠃
    ᠭᠡᠷ᠎ᠡ ᠲᠣᠭᠲᠠᠬᠤ ᠶᠠᠪᠤᠴᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠠᠵᠤ ᠠᠬᠤᠶ᠋ᠢᠯᠠᠯ᠎ᠤᠨ ᠲᠥᠯᠥᠭᠡᠯᠡᠭᠴᠢᠳ᠎ᠲᠤ ᠣᠳᠣᠬᠠᠨ᠎ᠤ ᠮᠠᠨ᠎ᠤ ᠣᠷᠣᠨ᠎ᠤ ᠡᠪᠡᠰᠦᠨ ᠦᠷ᠎ᠡ ᠵᠢᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ ᠪᠠ ᠠᠮᠢ ᠠᠬᠤᠶ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠦᠷ᠎ᠡ ᠵᠢᠨ ᠪᠠᠲᠤᠯᠠᠭ᠎ᠠ ᠵᠢᠨ ᠰᠢᠨ᠎ᠡ ᠪᠠᠶ᠋ᠢᠳᠠᠯ᠎ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ ᠵᠶ᠋ᠠᠨ ᠲᠠᠰᠤᠷᠠᠯᠲᠠ ᠦᠭᠡᠶ ᠴᠢᠩᠭ᠋ᠠᠷᠠᠭᠤᠯᠵᠤ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠳᠤᠲᠠᠭᠤᠳᠠᠯ᠎ᠢ ᠨᠥᠬᠥᠪᠥᠷᠢᠯᠡᠬᠦ᠂ ᠳᠠᠪᠠᠭᠤᠯᠢᠭ ᠵᠶ᠋ᠠᠨ ᠪᠠᠳᠠᠷᠠᠭᠤᠯᠬᠤ᠂ ᠠᠶᠤᠯ ᠲᠦᠭᠰᠢᠭᠦᠷᠢ ᠵᠢ ᠡᠵᠡᠮᠳᠡᠬᠦ᠂ ᠨᠢᠭᠡ ᠪᠦᠯᠦᠭ ᠭᠤᠤᠯᠳᠠᠯᠭ᠎ᠠ᠎ᠲᠠᠢ ᠡᠭᠦᠯᠳᠡᠷ᠎ᠢ ᠪᠣᠶ᠋ᠢᠵᠢᠭᠤᠯᠤᠨ᠂ ᠨᠢᠭᠡ ᠪᠦᠯᠦᠭ ᠴᠢᠨᠠᠷ ᠰᠠᠶ᠋ᠢᠲᠠᠶ ᠡᠪᠡᠰᠦᠨ ᠦᠷ᠎ᠡ ᠵᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠨᠢᠭᠡ ᠪᠦᠯᠦᠭ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠢ ᠪᠤᠶ ᠪᠣᠯᠭ᠋ᠠᠵᠤ᠂ ᠲᠡᠷᠡᠴᠢᠯᠡᠨ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠢ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠪᠣᠯᠤᠨ ᠠᠵᠤ ᠠᠬᠤᠶ᠋ᠢᠯᠠᠯᠲᠠᠳ ᠬᠠᠮᠵᠢᠯᠴᠠᠵᠤ᠂ 《ᠤᠮᠠᠷᠠᠲᠤ ᠵᠢᠨ ᠭᠤᠷᠪᠠᠨ ᠣᠷᠣᠨ》᠎ᠢ ᠰᠠᠢ᠌ᠲᠤᠷ ᠪᠦᠲᠦᠭᠡᠨ ᠪᠠᠢ᠌ᠭᠤᠯᠵᠤ᠂ ᠰᠡᠳᠬᠢᠯ ᠵᠶ᠋ᠠᠨ ᠨᠢᠭᠡᠳᠬᠡᠨ ᠬᠦᠴᠦᠨ ᠵᠶ᠋ᠠᠨ ᠲᠥᠪᠯᠡᠷᠡᠭᠦᠯᠦᠨ ᠬᠥᠭᠵᠢᠯᠲᠡ ᠵᠢ ᠡᠷᠢᠯᠬᠢᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ ᠰᠢᠨ᠎ᠡ ᠪᠠᠶ᠋ᠢᠳᠠᠯ᠎ᠢ ᠨᠡᠭᠡᠭᠡᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠂ ᠥᠪᠡᠷᠲᠡᠭᠡᠨ ᠵᠠᠰᠠᠬᠤ ᠣᠷᠣᠨ᠎ᠤ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠬᠦ ᠵᠢ ᠠᠬᠢᠭᠤᠯᠬᠤ ᠬᠡᠷᠡᠭᠳᠡᠢ ᠭᠡᠵᠦ  ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠪᠦᠬᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶ᠋ᠢᠴᠢᠨ ᠬᠤᠷᠠᠯ᠎ᠢ ᠡᠷᠭᠢᠯᠡᠵᠠᠢ
ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠸᠠᠩ ᠭᠤᠸᠠᠨ ᠼᠦᠩ ᠭᠠᠵᠠᠷ᠎ᠤᠨ ᠳᠠᠷᠤᠭ᠎ᠠ ᠨᠠᠷ ᠮᠠᠨ᠎ᠤ ᠣᠷᠣᠨ᠎ᠤ ᠬᠢᠩᠭ᠋ᠠᠨ ᠠᠶ᠋ᠢᠮᠠᠭ᠂ ᠲᠦᠩᠯᠢᠶᠣᠤ ᠬᠤᠳᠠ᠎ᠳᠤ ᠬᠦᠷᠴᠦ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠶ᠋ᠢᠴᠠᠭ᠋ᠠᠨ ᠰᠢᠨᠵᠢᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠠᠲᠤᠨ ᠭᠤᠤᠯ᠎ᠤᠨ 《ᠤᠭ᠋ᠠᠯᠵᠠ ᠲᠣᠬᠣᠶ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ᠎ᠳᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠬᠠᠳᠤᠨ ᠭᠣᠣᠯ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢ ᠠᠬᠢᠭᠤᠯᠬᠤ ᠬᠡᠷᠡᠭᠲᠡᠢ
 
             蒙ICP备05000248号