ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠦᠬᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶ᠋ᠢᠴᠢᠨ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2024-03-15

 

    3 ᠰᠠᠷ᠎ᠠ ᠵᠢᠨ 11᠎ᠤ ᠡᠳᠦᠷ᠂ ᠪᠦᠭᠦ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠲᠠᠶ᠋ᠢᠴᠢᠨ ᠬᠤᠷᠠᠯ᠎ᠢ ᠡᠷᠭᠢᠯᠡᠪᠡ᠃
     ᠬᠤᠸᠠᠩ ᡁᠢ ᠴᠢᠶᠠᠩ᠂ ᠬᠠᠪᠤᠷ᠎ᠤᠨ ᠤᠯᠠᠷᠢᠯ᠎ᠳᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠤᠨ ᠭᠠᠮᠰᠢᠭ ᠡᠭᠦᠰᠬᠦ ᠰᠢᠯᠲᠠᠭ᠋ᠠᠨ ᠣᠯᠠᠨ᠂ ᠠᠶᠤᠯ ᠲᠦᠭᠰᠢᠭᠦᠷᠢ ᠶᠡᠭᠡ ᠪᠠᠶ᠋ᠢᠵᠤ᠂ ᠲᠦᠢ᠍ᠮᠡᠷ᠎ᠢ ᠰᠡᠷᠭᠡᠶ᠋ᠢᠯᠡᠨ ᠲᠦᠢ᠍ᠮᠡᠷ᠎ᠢ ᠤᠨᠲᠠᠷᠠᠭ᠋ᠠᠬᠤ ᠪᠠᠶ᠋ᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶ᠋ᠢᠳᠠᠭ᠃ ᠲᠦᠢ᠍ᠮᠡᠷ᠎ᠢ ᠰᠡᠷᠭᠡᠶ᠋ᠢᠯᠡᠨ ᠲᠦᠢ᠍ᠮᠡᠷ᠎ᠢ ᠤᠨᠲᠠᠷᠠᠭ᠋ᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠬᠡᠷᠡᠭ ᠶᠠᠪᠤᠳᠠᠯ᠎ᠢ ᠬᠠᠮᠢᠶᠠᠷᠬᠤ ᠬᠥᠮᠥᠨ᠎ᠲᠠᠢ᠂ ᠲᠦᠢ᠍ᠮᠡᠷ᠎ᠢ ᠰᠡᠷᠭᠡᠶ᠋ᠢᠯᠡᠬᠦ ᠬᠥᠮᠥᠨ᠎ᠲᠠᠢ᠂ ᠬᠠᠷᠢᠭᠤᠴᠠᠯᠭ᠎ᠠ ᠵᠢ ᠡᠭᠦᠷᠭᠡᠯᠡᠬᠦ ᠬᠥᠮᠥᠨ᠎ᠲᠠᠢ ᠪᠠᠶ᠋ᠢᠬᠤ ᠵᠢ ᠪᠡᠶᠡᠯᠡᠭᠦᠯᠵᠦ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠶ᠋ᠢᠬᠤ》 ᠬᠠᠷᠢᠭᠤᠴᠠᠯᠭ᠋ᠠᠲᠤ ᠰᠡᠳᠬᠢᠯᠭᠡ᠎ᠪᠠᠨ 《ᠶᠠᠪᠤᠳᠠᠯ ᠪᠣᠯᠭ᠋ᠠᠨ᠎ᠳᠤ ᠳᠣᠲᠣᠷ᠎ᠠ᠎ᠪᠠᠨ ᠲᠤᠭ᠎ᠠ᠎ᠲᠠᠢ ᠪᠠᠶ᠋ᠢᠬᠤ》 ᠠᠵᠢᠯᠯᠠᠭ᠋ᠠᠨ᠎ᠤ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ 《ᠰᠡᠷᠭᠡᠶ᠋ᠢᠯᠡᠬᠦ》 ᠵᠢ ᠲᠣᠪᠤᠶ᠋ᠢᠯᠭ᠋ᠠᠨ ᠰᠠᠶ᠋ᠢᠲᠤᠷ ᠠᠳᠬᠤᠵᠤ᠂ ᠣᠨᠴᠠᠭ᠋ᠠᠶ᠋ᠢᠯᠠᠨ ᠬᠠᠩᠰᠢ᠂ 《5 · 1》 ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠵᠢ ᠲᠣᠪᠤᠶ᠋ᠢᠯᠭ᠋ᠠᠨ ᠰᠠᠶ᠋ᠢᠲᠤᠷ ᠠᠳᠬᠤᠵᠤ᠂ ᠲᠦᠢ᠍ᠮᠡᠷ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ 《ᠬᠠᠮ ᠠᠷᠭ᠎ᠠ ᠬᠡᠮᠵᠢᠶ᠎ᠡ》 ᠵᠢ ᠰᠠᠶ᠋ᠢᠲᠤᠷ ᠠᠪᠴᠤ᠂ ᠠᠭᠤᠯᠠ ᠵᠢ ᠪᠠᠲᠤ ᠰᠠᠬᠢᠵᠤ᠂ ᠬᠥᠮᠥᠨ᠎ᠢ ᠰᠠᠶ᠋ᠢᠲᠤᠷ ᠬᠠᠷᠠᠵᠤ᠂ ᠭᠠᠯ᠎ᠢ ᠰᠠᠶ᠋ᠢᠲᠤᠷ ᠬᠠᠮᠢᠶᠠᠷᠬᠤ ᠬᠡᠷᠡᠭᠲᠡᠢ᠃ 《ᠤᠨᠲᠠᠷᠠᠭ᠋ᠠᠬᠤ》 ᠵᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠵᠢᠵᠢᠭᠦᠷᠯᠡᠨ ᠰᠠᠬᠢᠬᠤ ᠵᠡᠷᠭᠡ ᠳᠦᠷᠢᠮ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠥᠮᠥᠨ᠎ᠤ ᠬᠦᠴᠦᠨ᠎ᠢ ᠰᠢᠯᠢᠳᠡᠭᠵᠢᠭᠦᠯᠵᠦ᠂ ᠲᠦᠢ᠍ᠮᠡᠷ᠎ᠢ ᠤᠨᠲᠠᠷᠠᠭ᠋ᠠᠬᠤ ᠡᠳ᠋ ᠪᠣᠳᠠᠰ᠎ᠢ ᠭᠦᠢ᠍ᠴᠡᠳ ᠪᠡᠯᠡᠳᠬᠡᠵᠦ᠂ 《ᠡᠷᠲᠡ ᠤᠨᠲᠠᠷᠠᠭ᠋ᠠᠬᠤ᠂ ᠪᠠᠭ᠎ᠠ᠎ᠳᠤᠨᠢ ᠤᠨᠲᠠᠷᠠᠭ᠋ᠠᠬᠤ᠂ ᠤᠨᠲᠠᠷᠠᠭ᠋ᠠᠵᠤ ᠳᠡᠶ᠋ᠢᠯᠭᠦ》 ᠵᠢ ᠪᠠᠲᠤᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠰᠠᠶ᠋ᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠸᠠᠩ ᠭᠤᠸᠠᠨ ᠼᠦᠩ ᠭᠠᠵᠠᠷ᠎ᠤᠨ ᠳᠠᠷᠤᠭ᠎ᠠ ᠨᠠᠷ ᠮᠠᠨ᠎ᠤ ᠣᠷᠣᠨ᠎ᠤ ᠬᠢᠩᠭ᠋ᠠᠨ ᠠᠶ᠋ᠢᠮᠠᠭ᠂ ᠲᠦᠩᠯᠢᠶᠣᠤ ᠬᠤᠳᠠ᠎ᠳᠤ ᠬᠦᠷᠴᠦ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠶ᠋ᠢᠴᠠᠭ᠋ᠠᠨ ᠰᠢᠨᠵᠢᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠠᠲᠤᠨ ᠭᠤᠤᠯ᠎ᠤᠨ 《ᠤᠭ᠋ᠠᠯᠵᠠ ᠲᠣᠬᠣᠶ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ᠎ᠳᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠬᠠᠳᠤᠨ ᠭᠣᠣᠯ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢ ᠠᠬᠢᠭᠤᠯᠬᠤ ᠬᠡᠷᠡᠭᠲᠡᠢ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠵᠦᠪᠳᠡᠯᠡᠯᠴᠡᠭᠡᠷ᠎ᠢ ᠠᠬᠢᠭᠤᠯᠵᠤ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠦᠨᠡᠨ ᠬᠦ᠌ ᠴᠢᠩᠭ᠋ᠠᠳᠬᠠᠨ᠎ᠠ
 
             蒙ICP备05000248号