ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠠᠲᠤᠨ ᠭᠤᠤᠯ᠎ᠤᠨ 《ᠤᠭ᠋ᠠᠯᠵᠠ ᠲᠣᠬᠣᠶ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ᠎ᠳᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-03-18

   
     3 ᠰᠠᠷ᠎ᠠ ᠵᠢᠨ 5᠎ᠤ ᠡᠳᠦᠷ᠎ᠠᠴᠠ 3  ᠰᠠᠷ᠎ᠠ ᠵᠢᠨ 13᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠢᠭᠡᠳᠦᠯᠲᠡᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠠᠮᠢᠶ᠎ᠠ ᠪᠥᠬᠥᠶ ᠬᠦᠮᠦᠰ᠎ᠢ ᠳᠠᠭ᠋ᠠᠭᠤᠯᠤᠨ ᠤᠷᠢᠳ ᠬᠣᠵᠢᠳ ᠤᠯᠠᠭ᠋ᠠᠨᠴᠠᠪ᠂ ᠣᠷᠳᠣᠰ᠂ ᠪᠠᠶᠠᠨᠨᠠᠭᠤᠷ᠂ ᠠᠯᠠᠱ᠌ᠠ ᠵᠡᠷᠭᠡ ᠬᠠᠲᠤᠨ ᠭᠤᠤᠯ᠎ᠤᠨ 《ᠤᠭ᠋ᠠᠯᠵᠠ ᠲᠣᠬᠣᠶ》 ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠣᠷᠣᠨ᠎ᠤ ᠠᠶ᠋ᠢᠮᠠᠭ ᠬᠣᠲᠠ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ᠂ ᠶᠠᠷᠢᠯᠴᠠᠬᠤ ᠪᠠ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠬᠤ᠎ᠪᠠᠷ ᠳᠠᠮᠵᠢᠨ᠂ 2024 ᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠡᠭᠦᠷᠭᠡ ᠵᠢᠨ ᠭᠠᠵᠠᠷ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠡᠮᠦᠨᠡᠬᠢ ᠬᠤᠭᠤᠴᠠᠭ᠋ᠠᠨ᠎ᠤ ᠪᠡᠯᠡᠳᠬᠡᠯ᠂ ᠪᠠᠯᠠ ᠮᠥᠩᠭᠥ ᠵᠢᠨ ᠪᠠᠶ᠋ᠢᠳᠠᠯ ᠪᠠ ᠦᠷ᠎ᠡ ᠴᠢᠬᠢ ᠮᠣᠳᠣ ᠵᠢᠨ ᠪᠡᠯᠡᠳᠬᠡᠯ ᠠᠵᠢᠯ᠎ᠢ ᠪᠠᠶ᠋ᠢᠴᠠᠭ᠋ᠠᠨ ᠦᠵᠡᠵᠦ᠂ ᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠬᠦ ᠵᠢ ᠵᠢᠯᠣᠭᠣᠳᠪᠠ; 《  ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠲᠣᠭᠣᠷᠢᠨ᠎ᠳᠤ ᠬᠠᠮᠢᠶ᠎ᠠ ᠪᠥᠬᠥᠶ ᠠᠶ᠋ᠢᠮᠠᠭ ᠬᠣᠲᠠ᠂ ᠬᠣᠰᠢᠭᠤ ᠰᠢᠶᠠᠨ (ᠲᠣᠭᠣᠷᠢᠭ)᠎ᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠯᠦᠭᠡ ᠶᠠᠷᠢᠯᠴᠠᠬᠤ ᠵᠢᠨ ᠬᠠᠮᠲᠤ᠂ ᠡᠯ᠎ᠡ ᠭᠠᠵᠠᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ ᠲᠤᠬᠠᠶ ᠪᠣᠳᠠᠲᠠᠶ ᠰᠠᠨᠠᠯ ᠰᠠᠨᠠᠭᠤᠯᠭ᠎ᠠ ᠳᠤᠷᠠᠳᠪᠠ᠃


W020240318338550746720.jpg



W020240315616208155871_ORIGIN.jpg


    ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠤᠯᠠᠭ᠋ᠠᠨᠴᠠᠪ ᠬᠣᠲᠠ ᠵᠢᠨ ᠹᠧᠩᠵᠧᠨ ᠬᠣᠲᠠ᠂ ᠵᠦᠸᠧᠽᠢ ᠰᠢᠶᠠᠨ᠂ ᠣᠷᠳᠣᠰ ᠬᠣᠲᠠ ᠵᠢᠨ ᠳᠠᠯᠠᠳ ᠬᠣᠰᠢᠭᠤ᠂ ᠬᠠᠩᠭᠢᠨ ᠬᠣᠰᠢᠭᠤ᠂ ᠪᠠᠶᠠᠨᠨᠠᠭᠤᠷ ᠬᠣᠲᠠ ᠵᠢᠨ ᠯᠢᠨᠾᠧ ᠲᠣᠭᠣᠷᠢᠭ᠂ ᠬᠠᠩᠭᠢᠨ ᠬᠣᠶ᠋ᠢᠲᠤ ᠬᠣᠰᠢᠭᠤ᠂ ᠠᠯᠠᠱ᠌ᠠ ᠠᠶ᠋ᠢᠮᠠᠭ᠎ᠤᠨ ᠠᠯᠠᠱ᠌ᠠ ᠵᠡᠭᠦᠨ ᠬᠣᠰᠢᠭᠤ᠎ᠪᠠᠷ ᠬᠦᠷᠴᠦ ᠭᠤᠷᠪᠠᠨ ᠤᠮᠠᠷᠠᠲᠤ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲ᠋ᠦᠷᠦᠯ ᠵᠦᠢ᠍ᠯ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠠᠵᠢᠯ ᠡᠬᠢᠯᠡᠬᠦ ᠪᠡᠯᠡᠳᠬᠡᠯ᠎ᠤᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠭᠰᠡᠨ ᠪᠥᠭᠡᠳ ᠤᠯᠠᠭ᠋ᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠪᠣᠯᠤᠨ ᠠᠯᠠᠱ᠌ᠠ ᠠᠶ᠋ᠢᠮᠠᠭ᠎ᠲᠤ ᠲᠣᠰ ᠲᠣᠰ ᠶᠠᠷᠢᠯᠴᠠᠬᠤ ᠬᠤᠷᠠᠯ ᠬᠤᠷᠠᠯᠳᠤᠭᠤᠯᠪᠠ᠃ ᠡᠨᠡ ᠬᠤᠭᠤᠴᠠᠭ᠋ᠠᠨ᠎ᠳᠤ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠠᠯᠠᠱ᠌ᠠ ᠠᠶ᠋ᠢᠮᠠᠭ᠎ᠤᠨ 《ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠲᠦᠷᠦᠯ ᠵᠦᠢ᠍ᠯ (ᠬᠣᠶᠠᠳᠤᠭ᠋ᠠᠷ ᠬᠤᠭᠤᠴᠠᠭ᠎ᠠ)᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠪᠦᠬᠦ ᠲᠠᠯ᠎ᠠ᠎ᠪᠠᠷ ᠡᠬᠢᠯᠡᠭᠦᠯᠬᠦ ᠵᠢᠴᠢ 2024 ᠣᠨ᠎ᠤ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ》᠎ᠳᠤ ᠣᠷᠣᠯᠴᠠᠪᠠ᠂ ᠶᠣᠰᠣᠯᠠᠯ ᠲᠡᠭᠦᠰᠦᠭᠰᠡᠨ᠎ᠤ ᠲᠠᠷᠠᠭ᠎ᠠ᠂ ᠮᠠ ᠴᠢᠶᠠᠩ ᠳᠡᠳ᠋ ᠲᠣᠪᠴᠢᠶᠠᠨ ᠳᠠᠷᠤᠭ᠎ᠠ ᠨᠠᠷ ᠠᠯᠠᠱ᠌ᠠ ᠠᠶ᠋ᠢᠮᠠᠭ᠎ᠤᠨ ᠨᠠᠮ᠎ᠤᠨ ᠬᠤᠷᠢᠶ᠎ᠠ᠂ ᠵᠠᠬᠢᠷᠭ᠎ᠠ ᠵᠢᠨ ᠤᠳᠤᠷᠢᠳᠤᠯᠭ᠎ᠠ᠂ ᠡᠯ᠎ᠡ ᠡᠲᠡᠭᠡᠳ᠎ᠤᠨ ᠺᠠᠳ᠋ᠷ ᠤᠯᠠᠨ ᠲᠦᠮᠡᠨ᠎ᠲᠠᠢ ᠬᠠᠮᠲᠤ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠠᠲᠤᠨ ᠭᠤᠤᠯ᠎ᠤᠨ 《ᠤᠮᠠᠷᠠᠲᠤ ᠵᠢᠨ ᠭᠤᠷᠪᠠᠨ ᠤᠷᠤᠨ》᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ᠎ᠤ 2024 ᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠡᠯᠡᠳᠬᠡᠯ ᠠᠵᠢᠯ᠎ᠢ ᠬᠦᠢ᠍ᠴᠡᠳ ᠨᠤᠲᠠᠯᠠᠵᠤ᠂ ᠡᠯ᠎ᠡ ᠠᠶ᠋ᠢᠮᠠᠭ ᠬᠣᠲᠠ ᠵᠢᠨ ᠪᠠᠶ᠋ᠢᠷᠢᠯᠠᠭᠤᠯᠤᠯᠲᠠ ᠵᠶ᠋ᠡᠨ ᠡᠷᠲᠡᠬᠡᠨ ᠡᠬᠢᠯᠡᠬᠦᠯᠵᠦ᠂ ᠠᠵᠢᠯᠯᠠᠭ᠎ᠠ ᠲᠦᠷᠭᠡᠨ ᠶᠠᠪᠤᠭᠳᠠᠵᠤ᠂ ᠠᠵᠢᠯ ᠪᠣᠳᠠᠲᠠᠶ᠂ ᠦᠷ᠎ᠡ ᠪᠦᠲᠦᠮᠵᠢᠲᠡᠶ᠎ᠪᠠᠷ ᠰᠢᠪᠲᠤᠯᠤᠯᠲᠠ ᠬᠢᠭᠰᠡᠨ᠎ᠢ ᠳᠡᠭᠡᠲᠦ ᠬᠡᠮᠵᠢᠶ᠎ᠡ᠎ᠪᠠᠷ ᠨᠤᠲᠠᠯᠠᠪᠠ᠃ 
     ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠵᠤ᠂ ᠣᠷᠣᠨ ᠬᠤᠪᠢᠶᠠᠨ ᠲᠦᠷᠦᠯ ᠬᠤᠪᠢᠶᠠᠨ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠨ᠂ ᠠᠮᠢ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ᠎ᠢ ᠬᠠᠮᠲᠤ᠎ᠪᠠᠷ ᠤᠯᠬᠤ ᠵᠢ ᠪᠡᠶᠡᠯᠡᠭᠦᠯᠬᠦ ᠬᠡᠷᠡᠭᠲᠡᠢ; ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠨᠠᠷᠢᠨ ᠬᠢᠨᠠᠮᠠᠭ᠋ᠠᠢ ᠲᠥᠯᠥᠪᠵᠢᠭᠦᠯᠦᠨ ᠪᠠᠶ᠋ᠢᠷᠢᠰᠢᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠡᠮᠦᠨᠡᠬᠢ ᠬᠤᠭᠤᠴᠠᠭ᠋ᠠᠨ᠎ᠤ ᠪᠡᠯᠡᠳᠬᠡᠯ ᠪᠠ ᠤᠷᠤᠨ ᠪᠦᠰᠡ᠎ᠳᠤ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠵᠦ᠂ ᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ; ᠵᠣᠯᠭ᠋ᠠᠭᠤᠯᠤᠨ ᠵᠣᠬᠢᠴᠠᠭᠤᠯᠬᠤ ᠠᠵᠢᠯ᠎ᠢ ᠰᠠᠶ᠋ᠢᠲᠤᠷ ᠬᠢᠵᠦ᠂ ᠣᠶ ᠰᠢᠭᠤᠶ  ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠡᠨᠧᠷᠭᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠳ᠎ᠨᠢ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠢᠨᠵᠧᠨᠧᠷᠢᠩ᠎ᠤᠨ ᠡᠯ᠎ᠡ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠬᠦ ᠬᠡᠷᠡᠭᠲᠡᠶ; ᠦᠷ᠎ᠡ ᠴᠢᠬᠢ ᠬᠠᠩᠭ᠋ᠠᠬᠤ ᠠᠵᠢᠯ᠎ᠢ ᠤᠷᠢᠳᠴᠢᠯᠠᠨ ᠲᠦᠯᠦᠪᠯᠡᠵᠦ᠂ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠬᠠᠩᠭ᠋ᠠᠯᠭ᠎ᠠ ᠬᠡᠷᠡᠭᠴᠡᠭᠡ ᠵᠢᠨ ᠲᠣᠬᠢᠷᠠᠭᠤᠯᠤᠯᠲᠠ ᠵᠢ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠠᠲᠤᠯᠠᠭ᠎ᠠ ᠵᠢᠨ ᠴᠢᠨᠠᠷᠲᠠᠶ 40 ᠵᠤᠯᠵᠠᠭ᠎ᠠ ᠮᠣᠳᠣᠨ᠎ᠤ ᠬᠦᠷᠢᠶᠡᠯᠡᠩ᠎ᠤᠨ ᠰᠠᠭᠤᠷᠢ ᠪᠠᠲᠤᠯᠠᠭ᠎ᠠ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠭᠤᠷᠪᠠᠨ ᠤᠮᠠᠷᠠᠲᠤ ᠵᠢᠨ ᠢᠨᠵᠧᠨᠧᠷᠢᠩ᠎ᠤᠨ ᠳᠠᠶ᠋ᠢᠯᠠᠯᠳᠤᠭ᠋ᠠᠨ ᠵᠡᠷᠭᠡ ᠭᠤᠤᠯᠳᠠᠯᠭ᠎ᠠ᠎ᠲᠠᠢ ᠢᠨᠵᠧᠨᠧᠷᠢᠩ᠎ᠤᠨ ᠣᠶ ᠮᠣᠳᠣᠨ᠎ᠤ ᠦᠷ᠎ᠡ ᠴᠢᠬᠢ ᠵᠢᠨ ᠬᠠᠩᠭ᠋ᠠᠯᠭ᠎ᠠ ᠵᠢ ᠦᠨᠡᠨᠬᠦ ᠪᠠᠲᠤᠯᠠᠵᠤ᠂ ᠣᠶ ᠮᠣᠳᠣᠨ᠎ᠤ ᠰᠢᠯᠢᠳᠡᠭ ᠡᠭᠦᠯᠳᠡᠷ᠎ᠢ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠂ ᠰᠢᠯᠢᠳᠡᠭ ᠡᠭᠦᠯᠳᠡᠷ᠎ᠢ ᠬᠡᠷᠡᠭᠯᠡᠬᠦ ᠨᠣᠷᠮ᠎ᠠ ᠵᠢ 70 %᠎ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠶ; ᠣᠷᠣᠨ ᠪᠦᠰᠡ ᠵᠢᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠵᠠᠰᠠᠬᠤ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠵᠠᠭ᠋ᠠᠭ ᠬᠢᠵᠠᠭ᠋ᠠᠷ᠎ᠢ ᠡᠪᠳᠡᠵᠦ᠂ ᠤᠷᠳᠤᠰ᠂ ᠪᠠᠶᠠᠨᠨᠠᠭᠤᠷ᠂ ᠠᠯᠠᠱ᠌ᠠ᠂ ᠦᠬᠠᠢ᠂ ᠪᠤᠭᠤᠲᠤ ᠵᠡᠷᠭᠡ ᠠᠶ᠋ᠢᠮᠠᠭ ᠬᠤᠳᠠ ᠵᠢᠨ ᠠᠭᠤᠯᠵᠠᠷ᠎ᠤᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠥᠷᠨᠢᠭᠦᠯᠬᠦ ᠵᠢ ᠳᠡᠮᠵᠢᠬᠦ ᠬᠡᠷᠡᠭᠲᠡᠢ; ᠬᠢᠨᠠᠨ ᠪᠤᠳᠤᠬᠤ᠂ ᠲᠣᠭᠣᠷᠢᠨ ᠪᠠᠶ᠋ᠢᠴᠠᠭ᠋ᠠᠬᠤ᠂ ᠨᠠᠮ᠎ᠤᠨ ᠬᠣᠷᠢᠶᠠᠨ᠎ᠤ ᠬᠢᠨᠠᠯᠲᠠ ᠲᠠᠯᠪᠢᠬᠤ ᠲᠠᠪᠴᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠬᠢᠵᠦ᠂ ᠳᠤᠲᠠᠭᠤᠳᠠᠯ ᠵᠶ᠋ᠠᠨ ᠨᠥᠬᠥᠪᠥᠷᠢᠯᠡᠵᠦ᠂ ᠠᠯᠳᠠᠰᠢ ᠭᠠᠷᠬᠤ ᠵᠢ ᠰᠡᠷᠭᠡᠢ᠌ᠯᠡᠵᠦ᠂ ᠠᠳᠠᠯᠢ ᠲᠥᠷᠥᠯ᠎ᠤᠨ ᠠᠰᠠᠭᠤᠳᠠᠯ ᠳᠠᠬᠢᠨ ᠳᠠᠪᠲᠠᠨ ᠭᠠᠷᠬᠤ ᠵᠢ ᠡᠷᠡᠰ ᠰᠡᠷᠭᠡᠶ᠋ᠢᠯᠡᠵᠦ᠂ ᠪᠣᠳᠠᠲᠠᠶ ᠴᠡᠭᠴᠡᠯᠡᠨ ᠰᠠᠶ᠋ᠢᠵᠢᠷᠠᠭᠤᠯᠬᠤ ᠵᠢ ᠪᠠᠲᠤᠯᠠᠬᠤ ᠬᠡᠷᠡᠭᠲᠡᠶ ᠭᠡᠵᠡᠢ᠃





ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠬᠠᠳᠤᠨ ᠭᠣᠣᠯ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢ ᠠᠬᠢᠭᠤᠯᠬᠤ ᠬᠡᠷᠡᠭᠲᠡᠢ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠵᠦᠪᠳᠡᠯᠡᠯᠴᠡᠭᠡᠷ᠎ᠢ ᠠᠬᠢᠭᠤᠯᠵᠤ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠦᠨᠡᠨ ᠬᠦ᠌ ᠴᠢᠩᠭ᠋ᠠᠳᠬᠠᠨ᠎ᠠ
ᠮᠠᠨ᠎ᠤ ᠣᠷᠣᠨ᠎ᠤ ᠬᠥᠷᠥᠰᠥᠨ᠎ᠤ ᠰᠢᠮᠡᠳᠬᠡᠯ ᠪᠠ ᠴᠠᠭ ᠠᠭᠤᠷ᠎ᠤᠨ ᠨᠥᠬᠦᠴᠡᠯ ᠬᠠᠪᠤᠷ᠎ᠤᠨ ᠲᠠᠷᠢᠶᠠᠯᠠᠭ᠎ᠠ᠎ᠳᠤ ᠠᠰᠢᠭᠲᠠᠢ ᠪᠠᠶ᠋ᠢᠨ᠎ᠠ
ᠲᠥᠯᠥᠪᠵᠢᠭᠦᠯᠭᠡ᠎ᠪᠠᠷ ᠤᠳᠤᠷᠢᠳᠤᠮᠵᠢ ᠪᠣᠯᠭ᠋ᠠᠵᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ᠎ᠡ
 
             蒙ICP备05000248号