ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠸᠠᠩ ᠭᠤᠸᠠᠨ ᠼᠦᠩ ᠭᠠᠵᠠᠷ᠎ᠤᠨ ᠳᠠᠷᠤᠭ᠎ᠠ ᠨᠠᠷ ᠮᠠᠨ᠎ᠤ ᠣᠷᠣᠨ᠎ᠤ ᠬᠢᠩᠭ᠋ᠠᠨ ᠠᠶ᠋ᠢᠮᠠᠭ᠂ ᠲᠦᠩᠯᠢᠶᠣᠤ ᠬᠤᠳᠠ᠎ᠳᠤ ᠬᠦᠷᠴᠦ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠶ᠋ᠢᠴᠠᠭ᠋ᠠᠨ ᠰᠢᠨᠵᠢᠯᠡᠪᠡ
ᠨᠡᠶ᠋ᠢᠲᠡᠯᠡᠭᠰᠡᠨ ᠴᠠᠭ᠄ 2024-03-18

  
    ᠶᠡᠷᠦᠩᠬᠡᠶ ᠱᠦᠵᠢ ᠰᠢ ᠵᠢᠨ ᠫᠢᠩ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠵᠢᠨ ᠲᠥᠯᠥᠭᠡ᠂ 3 ᠰᠠᠷ᠎ᠠ ᠵᠢᠨ 10᠎ᠤ ᠡᠳᠦᠷ᠎ᠠᠴᠠ 14᠎ᠤ ᠡᠳᠦᠷ ᠪᠣᠯᠲᠠᠯ᠎ᠠ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠠᠵᠢᠯ ᠲᠥᠷᠥᠯ᠎ᠤᠨ ᠬᠥᠭᠵᠢᠯᠲᠡ ᠵᠢᠨ ᠭᠠᠵᠠᠷ᠎ᠤᠨ ᠳᠠᠷᠤᠭ᠎ᠠ ᠸᠠᠩ ᠭᠤᠸᠠᠨ ᠼᠦᠩ᠂ ᠠᠮᠢ ᠠᠬᠤᠶ ᠵᠢᠨ ᠲᠥᠪ᠎ᠤᠨ ᠼᠤᠤ ᠬᠠᠶ ᠴᠤᠸᠠᠨ ᠭᠠᠵᠠᠷ᠎ᠤᠨ ᠳᠠᠷᠤᠭ᠎ᠠ ᠮᠠᠨ᠎ᠤ ᠣᠷᠣᠨ᠎ᠤ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠎ᠳᠤ ᠬᠦᠷᠴᠦ ᠪᠠᠶ᠋ᠢᠴᠠᠭ᠋ᠠᠨ ᠵᠢᠯᠤᠭᠤᠳᠴᠤ᠂ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠸᠠᠩ ᠵᠢᠶᠠᠨ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃ 3 ᠰᠠᠷ᠎ᠠ ᠵᠢᠨ 15᠎ᠤ ᠡᠳᠦᠷ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠯᠢᠶᠣᠤᠨᠢᠩ ᠮᠤᠵᠢ ᠵᠢᠨ ᠹᠦᠰᠢᠨ ᠬᠣᠲᠠ᠎ᠳᠤ ᠬᠦᠷᠴᠦ᠂ ᠬᠣᠷᠴᠢᠨ᠎ᠤ ᠡᠯᠡᠰᠦᠷᠬᠡᠭ ᠭᠠᠵᠠᠷ᠎ᠢ ᠤᠰᠠᠳᠬᠠᠬᠤ ᠳᠠᠶ᠋ᠢᠯᠠᠯᠳᠤᠭ᠋ᠠᠨ᠎ᠤ ᠯᠢᠶᠣᠤᠨᠢᠩ ᠥᠪᠥᠷ ᠮᠣᠩᠭᠣᠯ᠎ᠤᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠵᠠᠰᠠᠬᠤ ᠶᠠᠷᠢᠯᠴᠠᠬᠤ ᠬᠤᠷᠠᠯ᠎ᠳᠤ ᠣᠷᠣᠯᠴᠠᠵᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠴᠦᠯᠯᠡᠷᠬᠡᠭᠵᠢᠯ᠎ᠤᠨ ᠵᠤᠷᠭ᠋ᠠᠨ᠎ᠤ ᠳᠡᠳ᠋ ᠳᠠᠷᠤᠭ᠎ᠠ ᠵᠠᠩ ᠳ᠋ᠧ ᠫᠢᠩ ᠬᠤᠷᠠᠯ᠎ᠢ ᠡᠷᠭᠢᠯᠡᠪᠡ᠃


    W020240315359953297666.jpg



     ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠭᠠᠵᠠᠷ᠎ᠤᠨ ᠳᠠᠷᠤᠭ᠎ᠠ ᠸᠠᠩ ᠭᠤᠸᠠᠨ ᠼᠦᠩ ᠳᠤᠭᠤᠶ᠋ᠢᠯᠠᠩ ᠳᠠᠭ᠋ᠠᠭᠤᠯᠤᠨ ᠤᠷᠢᠳ ᠬᠣᠵᠢᠳ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤ ᠵᠡᠷᠭᠡ ᠬᠣᠰᠢᠭᠤ ᠰᠢᠶᠠᠨ᠎ᠳᠤ ᠬᠦᠷᠴᠤ᠂ ᠢᠨᠵᠧᠨᠧᠷᠢᠩ᠎ᠤᠨ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠣᠶ᠋ᠢᠯᠠᠭ᠋ᠠᠵᠤ᠂ ᠲᠤᠬᠠᠢ ᠵᠢᠨ ᠲᠠᠯᠠᠪᠠᠢ ᠵᠢᠨ ᠲᠦᠷᠦᠯ ᠵᠦᠢ᠍ᠯ᠎ᠤᠨ ᠪᠣᠳᠠᠲᠠᠢ ᠬᠦᠴᠢᠷᠳᠡᠯ᠎ᠢ ᠰᠢᠢ᠍ᠳᠪᠦᠷᠢᠯᠡᠪᠡ᠃ ᠡᠭᠦᠨ᠎ᠤ ᠬᠠᠮᠲᠤ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠲᠠᠢ ᠶᠠᠷᠢᠯᠴᠠᠬᠤ ᠬᠤᠷᠠᠯ ᠬᠢᠵᠦ᠂ ᠭᠤᠷᠪᠠᠨ ᠤᠮᠠᠷᠠᠲᠤ ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠬᠡᠷᠬᠢᠨ ᠰᠠᠶ᠋ᠢᠲᠤᠷ ᠬᠢᠵᠦ ᠢᠯᠠᠯᠲᠠ ᠤᠯᠬᠤ ᠲᠤᠬᠠᠶ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠲᠥᠷᠥᠯ ᠵᠦᠢ᠍ᠯ᠎ᠢ ᠬᠡᠷᠡᠭᠵᠢᠭᠦᠯᠵᠦ ᠪᠠᠶ᠋ᠢᠭ᠎ᠠ ᠭᠠᠵᠠᠷ ᠤᠷᠤᠨ᠎ᠤ ᠣᠳᠣᠬᠢ ᠪᠠᠶ᠋ᠢᠳᠠᠯ᠂ ᠤᠷᠤᠨ ᠪᠦᠰᠡ ᠵᠢᠨ ᠲᠦᠷᠦᠯ ᠬᠠᠷᠢᠶᠠᠯᠠᠯ᠂ ᠡᠯᠡᠰᠦᠷᠬᠡᠭᠵᠢᠭᠰᠡᠨ ᠰᠢᠯᠲᠠᠭ᠋ᠠᠨ᠂ ᠭᠠᠵᠠᠷ᠎ᠤᠨ ᠭᠠᠳᠠᠷᠭᠤ ᠵᠢᠨ ᠲᠡᠦᠬᠡᠨ ᠪᠠᠢ᠌ᠳᠠᠯ ᠵᠢᠴᠢ   ᠵᠠᠰᠠᠬᠤ ᠦᠷ᠎ᠡ ᠪᠦᠲᠦᠮᠵᠢ ᠵᠢᠨ ᠲᠤᠬᠠᠶ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠯᠲᠠ ᠬᠢᠵᠦ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠵᠦ ᠲᠠᠩᠰᠠᠯᠠᠬᠤ ᠠᠵᠢᠯ᠎ᠤᠨ ᠠᠬᠢᠴᠠ ᠵᠢ ᠪᠠᠲᠤᠯᠠᠵᠤ᠂ ᠪᠠᠯᠠ ᠮᠥᠩᠭᠥ ᠪᠠᠭᠤᠯᠭ᠋ᠠᠨ ᠬᠡᠷᠡᠭᠯᠡᠬᠦ ᠠᠰᠠᠭᠤᠳᠠᠯ᠎ᠢ ᠰᠤᠳᠤᠯᠤᠨ ᠶᠠᠷᠢᠯᠴᠠᠵᠤ᠂ ᠢᠨᠵᠧᠨᠧᠷᠢᠩ᠎ᠢ ᠬᠡᠷᠡᠭᠵᠢᠭᠦᠯᠬᠦ ᠮᠡᠷᠭᠡᠵᠢᠯ᠎ᠤᠨ ᠬᠦᠴᠢᠷᠳᠡᠯ᠎ᠢ ᠰᠢᠢ᠍ᠳᠪᠦᠷᠢᠯᠡᠪᠡ᠃

     ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠂ ᠨᠢᠭᠡ᠎ᠳᠤ᠂ ᠲᠠᠨᠢᠯᠲᠠ᠎ᠪᠠᠨ ᠳᠡᠭᠡᠭᠰᠢᠯᠡᠭᠦᠯᠵᠦ᠂ ᠬᠦᠯᠢᠶᠡᠬᠦ ᠲᠦᠰᠢᠭᠯᠡᠬᠦ ᠦᠵᠡᠯ ᠰᠠᠨᠠᠭ᠎ᠠ ᠵᠢ ᠲᠡᠪᠴᠢᠵᠦ᠂ ᠲᠥᠷᠥᠯ  ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠭᠦᠢ᠍ᠴᠡᠳ ᠪᠡᠯᠡᠳᠬᠡᠵᠦ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠵᠦ ᠳᠠᠩᠰᠠᠯᠠᠬᠤ ᠵᠢ ᠲᠦᠷᠭᠡᠳᠬᠡᠵᠦ᠂ ᠣᠨᠣᠪᠴᠢᠲᠠᠶ᠎ᠪᠠᠷ ᠠᠵᠢᠯ᠎ᠤᠨ ᠵᠢᠷᠤᠭ ᠲᠥᠯᠥᠪᠯᠡᠭᠡ ᠵᠢ ᠲᠥᠯᠥᠪᠵᠢᠭᠦᠯᠵᠦ᠂ ᠨᠠᠶ᠋ᠢᠳᠠᠪᠤᠷᠢᠵᠢᠭᠤᠯᠬᠤ ᠭᠠᠵᠠᠷ᠎ᠢ ᠲᠣᠳᠣᠷᠬᠠᠶ᠋ᠢᠯᠠᠵᠤ᠂ ᠠᠯᠢᠪᠠ ᠠᠵᠢᠯ᠎ᠢ ᠡᠷᠲᠡᠬᠡᠨ ᠡᠬᠢᠯᠡᠬᠦᠯᠬᠦ ᠵᠢ ᠪᠠᠲᠤᠯᠠᠬᠤ ᠬᠡᠷᠡᠭᠲᠡᠶ; ᠬᠣᠶᠠᠷ᠎ᠲᠤ᠂ ᠳᠡᠭᠡᠳᠦ ᠳᠤᠤᠷᠠᠳᠤ ᠱᠠᠲᠤᠨ᠎ᠤ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠣᠷᠣᠨ ᠪᠦᠰᠡ ᠬᠣᠯᠪᠣᠭ᠋ᠠᠯᠠᠨ ᠰᠡᠷᠭᠡᠶ᠋ᠢᠯᠡᠬᠦ ᠵᠢ ᠴᠢᠩᠭ᠋ᠠᠳᠬᠠᠵᠤ᠂ ᠲᠥᠷᠥᠯ ᠵᠦᠢ᠍ᠯ᠎ᠢ ᠠᠬᠢᠭᠤᠯᠬᠤ ᠶᠠᠪᠤᠴᠠ᠎ᠳᠤ ᠲᠤᠯᠭ᠋ᠠᠷᠠᠭᠰᠠᠨ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠢ ᠬᠠᠮᠲᠤ᠎ᠪᠠᠷ ᠰᠢᠢ᠍ᠳᠪᠦᠷᠢᠯᠡᠵᠦ᠂ ᠳᠡᠯᠭᠡᠷᠡᠭᠦᠯᠵᠦ ᠪᠤᠯᠠᠬᠤᠢ᠌ᠴᠠ  ᠳᠠᠭᠤᠷᠢᠶᠠᠯ ᠪᠤᠯᠠᠬᠤᠢ᠌ᠴᠠ ᠲᠡᠷᠢᠭᠦᠨ᠎ᠤ ᠵᠠᠰᠠᠯᠲᠠ ᠵᠢᠨ ᠵᠠᠭᠪᠤᠷ᠎ᠢ ᠬᠠᠶ᠋ᠢᠨ ᠰᠦᠪᠡᠭᠴᠢᠯᠡᠵᠦ᠂ ᠡᠯᠡᠰᠦᠷᠬᠡᠭᠵᠢᠯ᠎ᠢ ᠵᠠᠰᠠᠬᠤ ᠠᠵᠢᠯ᠎ᠢ ᠬᠠᠮᠵᠢᠯᠴᠠᠨ ᠠᠬᠢᠭᠤᠯᠬᠤ ᠬᠡᠷᠡᠭᠲᠡᠶ; ᠭᠤᠷᠪᠠ᠎ᠳᠤ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ᠎ᠢ ᠬᠦᠢ᠍ᠴᠡᠳ ᠪᠣᠳᠣᠯᠬᠢᠯᠠᠨ᠂ ᠠᠮᠢ ᠠᠬᠤᠶ ᠬᠢᠭᠡᠳ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠰᠠᠶ᠋ᠢᠲᠤᠷ ᠵᠣᠬᠢᠴᠠᠭᠤᠯᠵᠤ᠂ ᠮᠠᠯᠴᠢᠳ᠎ᠤᠨ ᠠᠮᠢᠳᠤᠷᠠᠯ᠎ᠤᠨ ᠶᠠᠰᠤ ᠴᠢᠨᠠᠷ᠎ᠢ ᠪᠠᠲᠤᠯᠬᠠᠤ ᠬᠡᠷᠡᠭᠲᠡᠶ ᠮᠥᠷᠲᠡᠭᠡᠨ ᠪᠠᠰᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠠᠵᠢᠯ᠎ᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠠᠬᠢᠭᠤᠯᠵᠤ᠂ ᠠᠮᠢ ᠠᠬᠤᠶ ᠵᠢᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠤᠨ᠂ ᠱᠠᠩᠨᠠᠵᠤ ᠲᠤᠰᠠᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠣᠯᠠᠨ ᠲᠦᠮᠡᠨ᠎ᠢ ᠥᠷᠭᠡᠨ ᠵᠶ᠋ᠠᠷ ᠳᠠᠶ᠋ᠢᠴᠢᠯᠠᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠳᠤ ᠣᠷᠣᠯᠴᠠᠭᠤᠯᠬᠤ ᠬᠡᠷᠡᠭᠲᠡᠶ ᠭᠡᠵᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠠᠲᠤᠨ ᠭᠤᠤᠯ᠎ᠤᠨ 《ᠤᠭ᠋ᠠᠯᠵᠠ ᠲᠣᠬᠣᠶ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ᠎ᠳᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠬᠠᠳᠤᠨ ᠭᠣᠣᠯ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢ ᠠᠬᠢᠭᠤᠯᠬᠤ ᠬᠡᠷᠡᠭᠲᠡᠢ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠵᠦᠪᠳᠡᠯᠡᠯᠴᠡᠭᠡᠷ᠎ᠢ ᠠᠬᠢᠭᠤᠯᠵᠤ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠦᠨᠡᠨ ᠬᠦ᠌ ᠴᠢᠩᠭ᠋ᠠᠳᠬᠠᠨ᠎ᠠ
ᠮᠠᠨ᠎ᠤ ᠣᠷᠣᠨ᠎ᠤ ᠬᠥᠷᠥᠰᠥᠨ᠎ᠤ ᠰᠢᠮᠡᠳᠬᠡᠯ ᠪᠠ ᠴᠠᠭ ᠠᠭᠤᠷ᠎ᠤᠨ ᠨᠥᠬᠦᠴᠡᠯ ᠬᠠᠪᠤᠷ᠎ᠤᠨ ᠲᠠᠷᠢᠶᠠᠯᠠᠭ᠎ᠠ᠎ᠳᠤ ᠠᠰᠢᠭᠲᠠᠢ ᠪᠠᠶ᠋ᠢᠨ᠎ᠠ
 
             蒙ICP备05000248号