ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠬᠠᠳᠤᠨ ᠭᠣᠣᠯ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-03-19


    ᠤᠷᠢᠬᠠᠨ ᠬᠠᠪᠤᠷ ᠰᠠᠭ᠋ᠠᠲᠠᠵᠤ᠂ ᠲᠦᠮᠡᠨ ᠪᠣᠳᠠᠰ ᠠᠮᠢᠯᠠᠨ ᠰᠡᠷᠭᠦᠯ᠎ᠡ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠳᠤᠨ ᠭᠣᠣᠯ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ ᠵᠡᠷᠭᠡ 《ᠵᠢᠷᠭᠤᠭ᠋ᠠᠨ ᠢᠨᠵᠧᠨᠧᠷᠢᠩ》᠎ᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ 3 ᠰᠠᠷ᠎ᠠ ᠵᠢᠨ 15᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠬᠠᠲᠤᠨ ᠭᠤᠤᠯ᠎ᠤᠨ 《   ᠤᠭ᠋ᠠᠯᠵᠠ ᠲᠣᠬᠣᠶ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ ᠪᠦᠰᠡ ᠵᠢᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠵᠠᠰᠠᠬᠤ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢᠨ ᠳᠠᠶ᠋ᠢᠴᠢᠯᠠᠯᠲᠠ ᠵᠢᠨ ᠬᠤᠷᠠᠯ ᠪᠠᠶᠠᠨᠨᠠᠭᠤᠷ ᠬᠣᠲᠠ ᠵᠢᠨ ᠳ᠋ᠸᠩᠺᠸᠦ ᠰᠢᠶᠠᠨ᠎ᠳᠤ ᠬᠤᠷᠠᠯᠳᠤᠪᠠ᠃


W020240318567076924385_ORIGIN.jpg


    《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠣᠶ ᠪᠣᠯᠭ᠋ᠠᠵᠤ᠂ ᠵᠠᠷᠢᠮ ᠭᠤᠤᠯᠳᠠᠯᠭ᠎ᠠ᠎ᠲᠠᠢ ᠣᠷᠣᠨ ᠪᠦᠰᠡ᠎ᠳᠤ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠵᠠᠭ᠋ᠠᠭ ᠬᠢᠵᠠᠭ᠋ᠠᠷ᠎ᠢ ᠡᠪᠳᠡᠨ᠂ ᠤᠷᠭᠤᠮᠠᠯ᠎ᠤᠨ ᠬᠤᠴᠢᠯᠭ᠎ᠠ ᠵᠢᠨ ᠣᠳᠣᠬᠢ ᠪᠠᠶ᠋ᠢᠳᠠᠯ ᠪᠠ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠰᠤ᠎ᠪᠠᠷ ᠨᠤᠭᠤᠭ᠋ᠠᠷᠠᠭᠤᠯᠤᠯᠳᠠ ᠵᠢ ᠠᠬᠢᠭᠤᠯᠬᠤ ᠵᠢ ᠪᠠᠷᠢᠮᠲᠠᠯᠠᠨ᠂ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠠᠪᠴᠤ᠂ ᠬᠠᠲᠤᠨ ᠭᠤᠤᠯ᠎ᠤᠨ ᠮᠤᠷᠤᠢ ᠲᠤᠬᠤᠢ ᠵᠢᠨ ᠪᠡᠷᠬᠡ ᠰᠡᠳᠦᠪ ᠰᠢᠢ᠍ᠳᠪᠦᠷᠢᠯᠡᠬᠦ ᠲᠡᠶ᠋ᠢᠨ᠎ᠢ ᠬᠠᠮᠲᠤ᠎ᠪᠠᠷ ᠰᠠᠶ᠋ᠢᠲᠤᠷ ᠬᠢᠨ᠎ᠠ᠃ ᠬᠤᠷᠠᠯ ᠳᠡᠭᠡᠷ᠎ᠡ᠂ ᠪᠠᠶᠠᠨᠨᠠᠭᠤᠷ ᠬᠤᠳᠠ᠂ ᠪᠤᠭᠤᠲᠤ ᠬᠤᠳᠠ᠂ ᠤᠷᠳᠤᠰ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ ᠵᠡᠷᠭᠡ 5 ᠠᠶ᠋ᠢᠮᠠᠭ ᠬᠤᠳᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠬᠠᠳᠤᠨ ᠭᠣᠣᠯ᠎ᠤᠨ 〈  ᠤᠭ᠋ᠠᠯᠵᠠ ᠲᠣᠬᠣᠶ〉 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ ᠪᠦᠰᠡ ᠵᠢᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠵᠠᠰᠠᠬᠤ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠲᠤ ᠭᠠᠷ᠎ᠤᠨ ᠦᠰᠦᠭ ᠵᠢᠷᠤᠪᠠ᠃ ᠵᠥᠪᠯᠡᠯᠴᠡᠭᠡᠷ᠎ᠢ ᠦᠨᠳᠦᠰᠦᠯᠡᠪᠡᠯ᠂ 2025 ᠣᠨ ᠪᠣᠯᠬᠤ᠎ᠳᠤ᠂ ᠲᠠᠪᠤᠨ ᠠᠶ᠋ᠢᠮᠠᠭ ᠬᠤᠳᠠ ᠵᠢᠨ ᠬᠢᠯᠢ ᠠᠯᠤᠰᠯᠠᠭᠰᠠᠨ ᠣᠷᠣᠨ ᠪᠦᠰᠡ ᠵᠢᠨ ᠴᠦᠯᠯᠡᠷᠭᠡᠭᠵᠢᠭᠰᠡᠨ ᠭᠠᠵᠠᠷ ᠰᠢᠷᠣᠢ ᠪᠣᠯᠤᠨ ᠬᠠᠳᠤᠨ ᠭᠣᠣᠯ᠎ᠤᠨ ᠡᠷᠭᠢ ᠳᠠᠭ᠋ᠠᠤ ᠨᠡᠭᠦᠳᠡᠯ ᠡᠯᠡᠰᠦ ᠵᠢ ᠪᠦᠲᠦᠮᠵᠢᠲᠡᠢ ᠵᠠᠰᠠᠨ᠎ᠠ; 2030 ᠣᠨ ᠪᠣᠯᠬᠤ᠎ᠳᠤ᠂ ᠲᠠᠪᠤᠨ ᠠᠶ᠋ᠢᠮᠠᠭ ᠬᠣᠲᠠ ᠵᠢᠨ ᠬᠢᠯᠢ ᠠᠯᠤᠰᠯᠠᠭᠰᠠᠨ ᠣᠷᠣᠨ ᠪᠦᠰᠡ ᠵᠢᠨ ᠴᠦᠯᠯᠡᠷᠭᠡᠭᠵᠢᠭᠰᠡᠨ ᠭᠠᠵᠠᠷ ᠰᠢᠷᠣᠶ ᠵᠢᠨ ᠬᠥᠪᠡᠭᠡ ᠵᠠᠬ᠎ᠠ ᠵᠢ ᠪᠢᠲᠡᠭᠦᠮᠵᠢᠯᠡᠬᠦ ᠣᠶ ᠰᠢᠭᠤᠶ ᠨᠤᠲᠤᠭ ᠪᠡᠯᠴᠢᠭᠡᠷ᠎ᠢ ᠬᠠᠮᠠᠭ᠋ᠠᠯᠠᠬᠤ ᠰᠢᠰᠲ᠋ᠧᠮᠵᠢ ᠵᠢ ᠦᠨᠳᠦᠰᠦᠨ᠎ᠳᠡᠭᠡᠨ ᠪᠠᠶ᠋ᠢᠭᠤᠯᠵᠤ᠂ ᠭᠤᠤᠯ ᠪᠣᠯᠬᠤ ᠰᠠᠯᠬᠢᠨ᠎ᠤ ᠠᠮᠠ᠂ ᠡᠯᠡᠰᠦᠨ᠎ᠤ ᠡᠬᠢ ᠭᠠᠵᠠᠷ ᠪᠠ ᠬᠠᠲᠤᠨ ᠭᠤᠤᠯ᠎ᠤᠨ ᠡᠷᠭᠢ ᠳᠠᠭ᠋ᠠᠤ ᠨᠡᠭᠦᠳᠡᠯ ᠡᠯᠡᠰᠦ ᠵᠢ ᠪᠥᠬᠥ ᠲᠠᠯ᠎ᠠ᠎ᠪᠠᠷ ᠵᠠᠰᠠᠨ᠎ᠠ᠃ ᠥᠪᠥᠷ ᠮᠣᠩᠭᠣᠯ᠎ᠤᠨ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠯ᠎ᠡ ᠲᠣᠭᠣᠷᠢᠭ᠎ᠤᠨ᠎ᠬᠢᠨ 《ᠤᠮᠠᠷᠠᠲᠤ ᠵᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠪᠣᠯᠤᠨ 《ᠮᠣᠩᠭᠣᠯ ᠮᠤᠷᠢᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠰᠢᠨ᠎ᠡ ᠮᠡᠷᠭᠡᠵᠢᠯ᠂ ᠰᠢᠨ᠎ᠡ ᠵᠠᠭᠪᠤᠷ᠎ᠢ ᠢᠳᠡᠪᠬᠢᠲᠡᠢ ᠬᠠᠶ᠋ᠢᠨ ᠰᠦᠪᠡᠭᠴᠢᠯᠡᠵᠦ᠂ 《ᠬᠥᠪᠴᠢ ᠵᠢᠨ ᠵᠠᠭᠪᠤᠷ》 ᠪᠣᠯᠤᠨ 《ᠮᠤᠤᠠᠤᠰᠤ ᠵᠢᠨ ᠲᠤᠷᠰᠢᠯᠭ᠎ᠠ》 ᠵᠢ ᠦᠷᠭᠦᠯᠵᠢᠯᠡᠨ ᠳ᠋ᠦᠩᠨᠡᠨ ᠳᠡᠯᠭᠡᠷᠡᠭᠦᠯᠵᠦ᠂ ᠳᠡᠯᠡᠬᠡᠢ ᠵᠢᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠪᠠ ᠪᠣᠬᠢᠷᠲᠤᠯ ᠦᠭᠡᠢ ᠬᠥᠭᠵᠢᠯᠲᠡ ᠵᠢᠨ ᠦᠯᠢᠭᠡᠷ ᠳᠠᠭᠤᠷᠢᠶᠠᠯ᠎ᠢ ᠴᠢᠷᠮᠠᠶ᠋ᠢᠨ ᠪᠤᠢ ᠪᠣᠯᠭ᠋ᠠᠨ᠎ᠠ᠃


W020240318567077025934.jpg


     ᠬᠤᠷᠠᠯ ᠳᠡᠭᠡᠷ᠎ᠡ᠂ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠳᠠᠶ᠋ᠢᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ᠂ 3 ᠰᠠᠷ᠎ᠠ᠎ᠠᠴᠠ 10 ᠰᠠᠷ᠎ᠠ ᠪᠣᠯᠲᠠᠯ᠎ᠠ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃ ᠲᠣᠰ ᠤᠳᠠᠭ᠋ᠠᠨ᠎ᠤ ᠲᠤᠰᠬᠠᠶ ᠠᠵᠢᠯᠯᠠᠭ᠎ᠠ᠎ᠨᠢ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ᠂ 《ᠭᠤᠷᠪᠠ ᠥᠬᠡᠶ》 ᠦᠢ᠍ᠯᠡᠳᠪᠦᠷᠢᠯᠡᠯ ᠡᠵᠡᠩᠨᠡᠯᠲᠡ ᠵᠢᠨ  ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ᠂ ᠦᠷ᠎ᠡ ᠴᠢᠬᠢ ᠵᠢᠨ ᠣᠷᠣᠨ ᠪᠦᠰᠡ ᠠᠯᠤᠰᠯᠠᠨ ᠰᠢᠯᠵᠢᠭᠦᠯᠦᠨ ᠲᠡᠭᠡᠭᠡᠪᠦᠷᠢᠯᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠂ ᠦᠷ᠎ᠡ ᠵᠢ ᠬᠠᠤᠯᠢ ᠪᠤᠰᠤ᠎ᠪᠠᠷ ᠲᠡᠭᠦᠬᠦ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ ᠵᠡᠷᠭᠡ᠎ᠪᠠᠷ ᠭᠤᠤᠯᠳᠠᠯᠭ᠎ᠠ ᠪᠣᠯᠭ᠋ᠠᠵᠤ᠂ ᠠᠵᠢᠯ ᠲᠥᠷᠥᠯ᠎ᠤᠨ ᠭᠠᠭᠴᠠᠭ᠋ᠠᠷ ᠡᠵᠡᠮᠰᠢᠬᠦ᠂ ᠬᠣᠨᠵᠢᠨ ᠵᠠᠪᠰᠢᠬᠤ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ ᠬᠠᠭᠤᠷᠮᠠᠭ ᠵᠶ᠋ᠠᠷ ᠵᠢᠩᠬᠢᠨᠢ ᠵᠢ ᠣᠷᠣᠯᠠᠭᠤᠯᠬᠤ ᠵᠡᠷᠭᠡ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠦᠢ᠍ᠯᠡ ᠠᠵᠢᠯᠯᠠᠭ᠎ᠠ ᠵᠢ ᠴᠢᠩᠭ᠎ᠠ ᠴᠡᠭᠴᠡᠯᠡᠨ ᠵᠠᠰᠠᠵᠤ᠂ ᠣᠶ ᠮᠣᠳᠣᠨ᠎ᠤ ᠰᠠᠶ᠋ᠢᠨ ᠡᠭᠦᠯᠳᠡᠷ ᠪᠠ ᠡᠪᠡᠰᠦᠨ᠎ᠤ ᠲᠥᠷᠥᠯ ᠵᠦᠢ᠍ᠯ᠎ᠢ ᠬᠢᠨᠠᠬᠤ ᠥᠬᠡᠶ᠎ᠪᠠᠷ ᠤᠷᠢᠳᠠᠪᠠᠷ ᠳᠡᠯᠭᠡᠷᠡᠭᠦᠯᠬᠦ᠂ ᠬᠤᠳᠠᠯ ᠬᠠᠭᠤᠷᠮᠠᠭ ᠵᠶ᠋ᠠᠷ ᠤᠬᠠᠭᠤᠯᠬᠤ ᠵᠢᠴᠢ ᠤᠷᠭᠤᠮᠠᠯ᠎ᠤᠨ ᠰᠢᠨ᠎ᠡ ᠲᠥᠷᠥᠯ ᠵᠦᠢ᠍ᠯ᠎ᠤᠨ ᠡᠷᠬᠡ᠎ᠳᠤ ᠬᠠᠯᠳᠠᠬᠤ ᠵᠡᠷᠭᠡ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠭᠦ ᠥᠬᠡᠶ ᠣᠶ ᠮᠣᠳᠣᠨ᠎ᠤ ᠦᠷ᠎ᠡ ᠴᠢᠬᠢ ᠪᠠ ᠡᠪᠡᠰᠦᠨ ᠦᠷ᠎ᠡ ᠦᠢ᠍ᠯᠡᠳᠪᠦᠷᠢᠯᠡᠵᠦ ᠪᠣᠷᠣᠯᠠᠭᠤᠯᠬᠤ ᠵᠢ ᠴᠢᠩᠭ᠎ᠠ ᠴᠠᠭ᠋ᠠᠵᠠᠯᠠᠵᠤ᠂ ᠲᠥᠪ ᠭᠣᠣᠯᠴᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠬᠡᠪᠴᠢᠶ᠎ᠡ ᠪᠠ ᠬᠦᠴᠦᠨ᠎ᠲᠠᠢ ᠬᠤᠭᠤᠴᠠᠭ᠎ᠠ᠎ᠠᠴᠠ ᠬᠡᠲᠦᠷᠡᠭᠦᠯᠦᠨ ᠦᠢ᠍ᠯᠡᠳᠪᠦᠷᠢᠯᠡᠵᠦ ᠡᠵᠡᠩᠨᠡᠬᠦ ᠵᠢ ᠴᠢᠩᠭ᠎ᠠ ᠴᠠᠭ᠋ᠠᠵᠠᠯᠠᠵᠤ᠂ ᠬᠠᠤᠯᠢ ᠶᠣᠰᠣᠨ᠎ᠤ ᠡᠵᠡᠩᠨᠡᠯᠲᠡ ᠵᠢᠨ ᠰᠠᠶ᠋ᠢᠨ ᠰᠠᠶ᠋ᠢᠬᠠᠨ ᠤᠷᠴᠢᠨ ᠲᠤᠭᠤᠷᠢᠨ᠎ᠢ ᠪᠠᠶ᠋ᠢᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠠᠮᠢᠳᠤ ᠪᠣᠳᠠᠰ᠎ᠤᠨ ᠰᠤᠳᠤᠯᠤᠯ᠎ᠤᠨ ᠣᠨᠴᠠᠯᠢᠭ ᠪᠣᠯᠤᠨ ᠥᠰᠥᠯᠲᠡ ᠵᠢᠨ ᠵᠢᠮ᠎ᠡ ᠶᠣᠰᠣ᠎ᠠᠴᠠ ᠵᠥᠷᠢᠴᠡᠭᠰᠡᠨ ᠠᠮᠢ ᠠᠬᠤᠶ ᠵᠢᠨ ᠣᠷᠣᠨ ᠪᠦᠰᠡ ᠠᠯᠤᠰᠯᠠᠨ ᠴᠢᠬᠢ ᠰᠢᠯᠵᠢᠭᠦᠯᠬᠦ᠂  ᠰᠣᠬᠣᠷ ᠪᠠᠯᠠᠶ᠎ᠪᠠᠷ ᠦᠷ᠎ᠡ ᠣᠷᠣᠭᠤᠯᠬᠤ ᠵᠡᠷᠭᠡ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ 《ᠤᠮᠠᠷᠠᠲᠤ ᠵᠢᠨ ᠭᠤᠷᠪᠠᠨ ᠤᠷᠤᠨ》 ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠂ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠳᠤ ᠦᠷ᠎ᠡ ᠴᠢᠬᠢ ᠵᠢᠨ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠪᠠᠶ᠋ᠢᠭᠤᠯᠤᠨ᠎ᠠ᠃

W020240318567077061421.jpg


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠵᠦᠪᠳᠡᠯᠡᠯᠴᠡᠭᠡᠷ᠎ᠢ ᠠᠬᠢᠭᠤᠯᠵᠤ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠦᠨᠡᠨ ᠬᠦ᠌ ᠴᠢᠩᠭ᠋ᠠᠳᠬᠠᠨ᠎ᠠ
ᠮᠠᠨ᠎ᠤ ᠣᠷᠣᠨ᠎ᠤ ᠬᠥᠷᠥᠰᠥᠨ᠎ᠤ ᠰᠢᠮᠡᠳᠬᠡᠯ ᠪᠠ ᠴᠠᠭ ᠠᠭᠤᠷ᠎ᠤᠨ ᠨᠥᠬᠦᠴᠡᠯ ᠬᠠᠪᠤᠷ᠎ᠤᠨ ᠲᠠᠷᠢᠶᠠᠯᠠᠭ᠎ᠠ᠎ᠳᠤ ᠠᠰᠢᠭᠲᠠᠢ ᠪᠠᠶ᠋ᠢᠨ᠎ᠠ
ᠲᠥᠯᠥᠪᠵᠢᠭᠦᠯᠭᠡ᠎ᠪᠠᠷ ᠤᠳᠤᠷᠢᠳᠤᠮᠵᠢ ᠪᠣᠯᠭ᠋ᠠᠵᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ᠎ᠡ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠡᠳ᠋ ᠵᠤᠷᠭ᠋ᠠᠨ᠎ᠤ ᠳᠠᠷᠤᠭ᠎ᠠ ᠯᠢ ᡁᠢ ᠴᠢᠶᠠᠩ ᠨᠠᠷ ᠮᠠᠨ᠎ᠤ ᠲᠣᠪᠴᠢᠶ᠎ᠠ᠎ᠳᠤ ᠬᠦᠷᠴᠦ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
 
             蒙ICP备05000248号