ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠨᠡᠶ᠋ᠢᠲᠡᠯᠡᠭᠰᠡᠨ ᠴᠠᠭ᠄ 2024-03-22


  
    ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠠᠴᠠ ᠣᠶ᠋ᠢᠯᠠᠭ᠋ᠠᠭᠰᠠᠨ ᠵᠶ᠋ᠠᠷ᠂ ᠮᠠᠨ᠎ᠤ ᠣᠷᠣᠨ 2023 ᠣᠨ᠎ᠳᠤ ᠴᠢᠬᠤᠯᠠ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠨ ᠬᠤᠷᠢᠶᠠᠨ ᠴᠤᠭᠯᠠᠭᠤᠯᠬᠤ ᠲᠦᠰᠦᠯ᠎ᠢ ᠡᠬᠢᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠲᠦᠩᠯᠢᠶᠣᠣ ᠬᠤᠲᠠ᠂ ᠰᠢᠯᠢ ᠵᠢᠨ ᠭᠤᠣᠯ ᠠᠶ᠋ᠢᠮᠠᠭ ᠵᠡᠷᠭᠡ 4 ᠠᠶ᠋ᠢᠮᠠᠭ ᠬᠤᠲᠠ ᠵᠢᠨ ᠬᠡᠭᠡᠷ᠎ᠡ ᠵᠢᠨ ᠨᠡᠶ᠋ᠢᠳᠡᠮ ᠪᠠᠶ᠋ᠢᠴᠠᠭ᠋ᠠᠯᠲᠠ ᠪᠠ ᠡᠬᠢ ᠪᠠᠶᠠᠯᠢᠭ᠎ᠢ ᠬᠤᠷᠢᠶᠠᠨ ᠴᠤᠭᠯᠠᠭᠤᠯᠬᠤ ᠡᠭᠦᠷᠭᠡ᠎ᠪᠠᠨ ᠨᠢᠭᠡᠨᠲᠡ ᠪᠡᠶᠡᠯᠡᠭᠦᠯᠦᠭᠰᠡᠨ ᠪᠠᠶ᠋ᠢᠨ᠎ᠠ᠃ ᠬᠢᠶᠠᠭ᠂ ᠶᠦᠷᠬᠦᠭ᠂ ᠶᠠᠪᠠᠭ᠋ᠠᠨ ᠬᠢᠶᠠᠭ᠂ ᠴᠢᠷᠭᠡᠯᠵᠢ᠂ ᠰᠢᠪᠧᠷᠢᠶ᠎ᠠ ᠶᠠᠪᠠᠭ᠋ᠠᠨ ᠬᠢᠶᠠᠭ᠎ᠢ ᠪᠠᠭᠲᠠᠭ᠋ᠠᠭᠰᠠᠨ ᠴᠢᠬᠤᠯᠠ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠨᠡᠶ᠋ᠢᠳᠡ 950 ᠬᠤᠪᠢ ᠴᠤᠭᠯᠠᠭᠤᠯᠬᠤ ᠵᠢᠨ ᠬᠠᠮᠲᠤ ᠬᠢᠨᠠᠨ ᠲᠣᠭᠲᠠᠭ᠋ᠠᠵᠤ ᠦᠨᠡᠯᠡᠬᠦ ᠪᠠ ᠳᠠᠩᠰᠠᠯᠠᠵᠤ ᠬᠥᠮᠦᠷᠭᠡᠯᠡᠬᠦ ᠠᠵᠢᠯ᠎ᠤᠳ ᠵᠶ᠋ᠠᠨ ᠨᠢᠭᠡᠨᠲᠡ ᠠᠯᠬᠤᠮ ᠠᠯᠬᠤᠮ ᠵᠶ᠋ᠠᠷ ᠥᠷᠨᠢᠭᠦᠯᠵᠡᠢ᠃
    ᠲᠣᠰ ᠤᠳᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ ᠪᠠ ᠴᠤᠭᠯᠠᠭᠤᠯᠤᠯᠲᠠ ᠪᠣᠯ ᠥᠪᠥᠷ ᠮᠣᠩᠭᠤᠯ᠎ᠤᠨ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠲᠠᠷᠬᠠᠯᠲᠠ ᠵᠢᠨ ᠪᠠᠶ᠋ᠢᠳᠠᠯ᠂ ᠡᠪᠡᠰᠦᠨ᠎ᠤ ᠪᠦᠯᠦᠭᠯᠡᠯ᠎ᠤᠨ ᠲᠥᠷᠥᠯ᠂ ᠤᠷᠭᠤᠬᠤ ᠣᠷᠴᠢᠨ ᠨᠥᠭᠦᠴᠡᠯ᠂ ᠤᠷᠭᠤᠯᠲᠠ ᠵᠢᠨ ᠪᠠᠶ᠋ᠢᠳᠠᠯ᠂ ᠬᠠᠳᠠᠭ᠋ᠠᠯᠠᠯᠲᠠ ᠵᠢᠨ ᠪᠠᠶ᠋ᠢᠳᠠᠯ᠂ ᠣᠷᠴᠢᠨ ᠨᠥᠭᠦᠴᠡᠯ᠎ᠤᠨ ᠨᠥᠯᠥᠭᠡᠯᠡᠯ ᠵᠡᠷᠭᠡ ᠲᠠᠯ᠎ᠠ᠎ᠨᠤᠭᠤᠳ᠎ᠲᠤ ᠬᠢᠭᠰᠡᠨ ᠨᠢᠭᠡ ᠤᠳᠠᠭ᠋ᠠᠨ᠎ᠤ ᠪᠥᠬᠦ ᠲᠠᠯ᠎ᠠ ᠵᠢᠨ ᠪᠠᠶ᠋ᠢᠴᠠᠭ᠋ᠠᠯᠲᠠ ᠮᠥᠨ᠂ ᠲᠡᠷᠡ᠎ᠨᠢ ᠬᠡᠭᠡᠷ᠎ᠡ ᠵᠢᠨ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠠᠮᠤᠷ ᠲᠦᠪᠰᠢᠨ ᠵᠶ᠋ᠠᠷ ᠬᠠᠳᠠᠭ᠋ᠠᠯᠠᠬᠤ ᠪᠠ ᠵᠦᠢ ᠵᠣᠬᠢᠰᠲᠠᠢ ᠠᠰᠢᠭᠯᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠲᠤᠰ ᠠᠵᠢᠯ᠎ᠨᠢ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠠ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠡᠷᠬᠡ ᠵᠢ ᠰᠢᠢ᠍ᠳᠪᠦᠷᠢᠯᠡᠬᠦ᠂ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ᠃
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠵᠦᠪᠳᠡᠯᠡᠯᠴᠡᠭᠡᠷ᠎ᠢ ᠠᠬᠢᠭᠤᠯᠵᠤ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠦᠨᠡᠨ ᠬᠦ᠌ ᠴᠢᠩᠭ᠋ᠠᠳᠬᠠᠨ᠎ᠠ
ᠮᠠᠨ᠎ᠤ ᠣᠷᠣᠨ᠎ᠤ ᠬᠥᠷᠥᠰᠥᠨ᠎ᠤ ᠰᠢᠮᠡᠳᠬᠡᠯ ᠪᠠ ᠴᠠᠭ ᠠᠭᠤᠷ᠎ᠤᠨ ᠨᠥᠬᠦᠴᠡᠯ ᠬᠠᠪᠤᠷ᠎ᠤᠨ ᠲᠠᠷᠢᠶᠠᠯᠠᠭ᠎ᠠ᠎ᠳᠤ ᠠᠰᠢᠭᠲᠠᠢ ᠪᠠᠶ᠋ᠢᠨ᠎ᠠ
ᠲᠥᠯᠥᠪᠵᠢᠭᠦᠯᠭᠡ᠎ᠪᠠᠷ ᠤᠳᠤᠷᠢᠳᠤᠮᠵᠢ ᠪᠣᠯᠭ᠋ᠠᠵᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ᠎ᠡ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠡᠳ᠋ ᠵᠤᠷᠭ᠋ᠠᠨ᠎ᠤ ᠳᠠᠷᠤᠭ᠎ᠠ ᠯᠢ ᡁᠢ ᠴᠢᠶᠠᠩ ᠨᠠᠷ ᠮᠠᠨ᠎ᠤ ᠲᠣᠪᠴᠢᠶ᠎ᠠ᠎ᠳᠤ ᠬᠦᠷᠴᠦ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠲᠤᠭᠤᠯᠬᠤ ᠲᠤᠭᠤᠷᠢᠯ ᠵᠠᠮ᠎ᠤᠨ ᠠᠶᠠᠯᠠᠯ᠎ᠤᠨ ᠱᠤᠭᠤᠮ᠎ᠢ ᠲᠦᠯᠥᠪᠵᠢᠬᠦᠯᠪᠡ
 
             蒙ICP备05000248号