ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠵᠦᠪᠳᠡᠯᠡᠯᠴᠡᠭᠡᠷ᠎ᠢ ᠠᠬᠢᠭᠤᠯᠵᠤ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠦᠨᠡᠨ ᠬᠦ᠌ ᠴᠢᠩᠭ᠋ᠠᠳᠬᠠᠨ᠎ᠠ
ᠨᠡᠶ᠋ᠢᠲᠡᠯᠡᠭᠰᠡᠨ ᠴᠠᠭ᠄ 2024-03-25

 
    《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠪᠠᠲᠤᠯᠠᠬᠤ ᠵᠢᠨ ᠲᠤᠰᠠᠳᠠ᠂ 2024 ᠣᠨ᠎ᠳᠤ ᠥᠪᠡᠷᠲᠡᠭᠡᠨ ᠵᠠᠰᠠᠬᠤ ᠣᠷᠣᠨ᠎ᠠᠴᠠ 2200 ᠲᠦᠮᠡᠨ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ᠂ ᠬᠣᠷᠴᠢᠨ ᠪᠠ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠨ᠂ ᠬᠠᠲᠤᠨ ᠭᠣᠣᠯ᠎ᠤᠨ 《ᠣᠭ᠋ᠠᠯᠵᠠ ᠲᠤᠬᠤᠢ》 ᠵᠢᠨ ᠪᠡᠬᠢᠯᠡᠯᠲᠡ ᠳᠠᠭ᠋ᠠᠷᠢᠬᠤ ᠳᠠᠶ᠋ᠢᠨ᠂ ᠬᠠᠲᠤᠨ ᠭᠣᠣᠯ᠎ᠤᠨ ᠪᠠᠷᠠᠭᠤᠨ ᠬᠣᠩᠭᠢᠯ ᠲᠠᠺᠯᠢᠮᠠᠺᠠᠨ ᠡᠯᠡᠰᠦᠨ ᠴᠥᠯ᠎ᠤᠨ ᠬᠥᠪᠡᠭᠡ᠎ᠲᠠᠬᠢ ᠬᠣᠷᠢᠭᠯᠠᠨ ᠴᠣᠬᠢᠬᠤ ᠳᠠᠶ᠋ᠢᠯᠠᠯᠳᠤᠭ᠋ᠠᠨ᠎ᠤ ᠣᠷᠣᠨ ᠵᠶ᠋ᠠᠷ ᠭᠣᠣᠯᠳᠠᠯᠭ᠎ᠠ ᠪᠣᠯᠭ᠋ᠠᠨ᠂ ᠬᠠᠷᠭ᠋ᠠᠨ᠎ᠠ᠂ ᠡᠯᠡᠰᠦᠨ ᠪᠤᠷᠭ᠋ᠠᠰᠤ᠂ ᠴᠢᠴᠠᠷᠭ᠋ᠠᠨ᠎ᠠ᠂ ᠵᠠᠭ ᠵᠡᠷᠭᠡ ᠡᠯᠡᠰᠦᠨ᠎ᠳᠤ ᠤᠷᠭᠤᠬᠤ ᠪᠤᠲᠠ ᠮᠣᠳᠣ ᠴᠢᠬᠢ ᠮᠣᠳᠣ ᠪᠣᠶ᠋ᠢᠵᠢᠭᠤᠯᠬᠤ᠎ᠪᠠᠷ ᠭᠣᠣᠯ ᠪᠣᠯᠭ᠋ᠠᠭᠰᠠᠨ ᠪᠠᠲᠤᠯᠠᠭ᠎ᠠ ᠵᠢᠨ ᠴᠢᠨᠠᠷᠲᠠᠶ 40 ᠴᠢᠬᠢ ᠮᠣᠳᠣᠨ᠎ᠤ ᠬᠦᠷᠢᠶᠡᠯᠡᠩ᠎ᠢ ᠪᠦᠲᠦᠭᠡᠨ ᠪᠠᠶ᠋ᠢᠭᠤᠯᠵᠤ᠂ ᠡᠯᠡᠰᠦᠨ᠎ᠳᠤ ᠤᠷᠭᠤᠬᠤ ᠪᠤᠲᠠ ᠮᠣᠳᠣᠨ᠎ᠤ ᠪᠦᠲᠦᠴᠡ ᠵᠢᠨ ᠴᠢᠨᠠᠷ ᠬᠦᠷᠦᠯᠴᠡᠬᠦ ᠦᠭᠡᠶ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠬᠠᠩᠭ᠋ᠠᠯᠭ᠎ᠠ ᠬᠡᠷᠡᠭᠴᠡᠭᠡ ᠵᠢ ᠲᠡᠩᠴᠡᠭᠦᠷᠢᠰᠢᠬᠦᠯᠵᠦ᠂ ᠵᠠᠬ᠎ᠠ ᠳᠡᠯᠭᠡᠬᠦᠷ᠎ᠤᠨ ᠦᠨ᠎ᠡ ᠬᠠᠩᠰᠢ ᠵᠢᠨ ᠲᠤᠭᠳᠠᠭᠤᠨ᠎ᠢ ᠠᠬᠢᠭᠤᠯᠪᠠ᠃

 

W020240322421217535109.jpg

 


    3 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 11 ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠲᠤᠯᠠᠭ᠎ᠠ ᠵᠢᠨ ᠴᠢᠨᠠᠷᠲᠠᠶ 40 ᠴᠢᠬᠢ ᠮᠣᠳᠣᠨ᠎ᠤ ᠬᠦᠷᠢᠶᠡᠯᠡᠩ᠎ᠯᠦᠭᠡ ᠬᠠᠷᠢᠭᠤᠴᠠᠯᠭ᠎ᠠ ᠵᠢᠨ ᠪᠢᠴᠢᠭ ᠲᠣᠭᠲᠠᠵᠤ᠂ 2024 ᠣᠨ᠎ᠳᠤ ᠪᠥᠬᠥ ᠣᠷᠣᠨ᠎ᠤ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠴᠢᠬᠢ ᠮᠣᠳᠣ ᠪᠣᠶ᠋ᠢᠵᠢᠭᠤᠯᠬᠤ ᠲᠠᠯᠠᠪᠠᠶ 1.35 ᠲᠦᠮᠡᠨ ᠮᠥ᠍ ᠪᠠᠶ᠋ᠢᠵᠤ᠂ 3.2 ᠳ᠋ᠦᠩᠰᠢᠭᠤᠷ ᠰᠠᠭᠤᠷᠢ ᠴᠢᠬᠢ ᠮᠣᠳᠣ ᠪᠤᠢ᠌ᠵᠢᠭᠤᠯᠤᠨ᠎ᠠ᠃ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠤᠤᠯ ᠠᠶ᠋ᠢᠮᠠᠭ᠂ ᠤᠯᠠᠭ᠋ᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠠᠯᠠᠱ᠌ᠠ ᠠᠶ᠋ᠢᠮᠠᠭ ᠵᠡᠷᠭᠡ 8 ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠬᠦ᠎ᠳᠤ ᠣᠷᠣᠯᠴᠠᠭᠰᠠᠨ ᠠᠵᠤ ᠠᠬᠤᠶ᠋ᠢᠯᠠᠯ᠎ᠯᠤᠭ᠎ᠠ ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠮᠧᠩ ᠼᠤᠤ ᠠᠮᠢ ᠠᠬᠤᠶ ᠣᠷᠴᠢᠨ ᠲᠣᠭᠣᠷᠢᠨ (ᠪᠦᠯᠦᠭᠯᠡᠯ)᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢ ᠲᠥᠯᠥᠭᠡᠯᠡᠨ ᠦᠷ᠎ᠡ ᠴᠢᠬᠢ ᠵᠢᠨ ᠬᠠᠩᠭ᠋ᠠᠯᠭ᠎ᠠ ᠬᠡᠷᠡᠭᠴᠡᠭᠡ ᠵᠢᠨ ᠪᠦᠳᠦᠭᠦᠪᠴᠢ ᠵᠥᠪᠯᠡᠯᠴᠡᠭᠡᠷ ᠲᠣᠭᠲᠠᠪᠠ᠃ ᠬᠠᠷᠢᠭᠤᠴᠠᠯᠭ᠎ᠠ ᠵᠢᠨ ᠪᠢᠴᠢᠭ᠎ᠢ ᠲᠣᠭᠲᠠᠭ᠋ᠠᠬᠤ᠎ᠪᠠᠷ ᠳᠠᠮᠵᠢᠭᠤᠯᠤᠨ᠂ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠠᠲᠤᠯᠠᠵᠤ ᠬᠠᠩᠭ᠋ᠠᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠤᠨ᠂ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠢᠨᠠᠯᠲᠠ ᠲᠠᠯᠪᠢᠵᠤ ᠵᠢᠭ᠋ᠠᠨ ᠵᠢᠯᠣᠭᠣᠳᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠦᠴᠦᠨ ᠵᠶ᠋ᠡᠨ ᠬᠠᠮᠳᠤᠳᠬᠠᠵᠤ᠂ ᠨᠢᠭᠡ ᠪᠦᠯᠦᠭ ᠵᠠᠩᠭᠢᠯᠠᠭ᠎ᠠ ᠵᠢᠨ ᠡᠭᠦᠯᠳᠡᠷ᠎ᠢ ᠬᠦᠴᠦ᠎ᠪᠠᠨ ᠲᠥᠪᠯᠡᠷᠡᠭᠦᠯᠵᠦ᠂ ᠨᠢᠭᠡ ᠪᠦᠯᠦᠭ ᠥᠨᠳᠥᠷ ᠪᠠᠷᠢᠮᠵᠢᠶᠠᠲᠤ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠢ ᠪᠠᠶ᠋ᠢᠭᠤᠯᠵᠤ᠂ ᠨᠡᠶ᠋ᠢᠭᠡᠮ᠎ᠤᠨ ᠴᠢᠬᠢ ᠪᠣᠶ᠋ᠢᠵᠢᠭᠤᠯᠬᠤ᠎ᠪᠠᠷ ᠭᠤᠤᠯ ᠴᠣᠭᠴᠠ ᠪᠣᠯᠭ᠋ᠠᠭᠰᠠᠨ᠂ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ ᠵᠶ᠋ᠠᠷ ᠨᠥᠬᠥᠪᠥᠷᠢ ᠪᠣᠯᠭ᠋ᠠᠭᠰᠠᠨ ᠴᠢᠬᠢ ᠮᠣᠳᠣ ᠪᠣᠶ᠋ᠢᠵᠢᠭᠤᠯᠬᠤ ᠪᠠᠶ᠋ᠢᠷᠢᠰᠢᠯ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠵᠤ᠂ ᠡᠯ᠎ᠡ ᠲᠥᠷᠥᠯ᠎ᠤᠨ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠴᠢᠬᠢ ᠵᠢᠨ ᠬᠠᠩᠭ᠋ᠠᠯᠭ᠎ᠠ ᠵᠢᠨ ᠠᠮᠤᠷ ᠲᠦᠪᠰᠢᠨ᠎ᠢ ᠪᠠᠲᠤᠯᠠᠨ᠎ᠠ᠃ ᠪᠦᠳᠦᠭᠦᠪᠴᠢ ᠵᠥᠪᠯᠡᠯᠴᠡᠭᠡᠷ ᠲᠣᠭᠲᠠᠬᠤ᠎ᠪᠠᠷ ᠳᠠᠮᠵᠢᠭᠤᠯᠤᠨ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠡᠭᠦᠷᠭᠡᠯᠡᠭᠰᠡᠨ 8 ᠠᠶ᠋ᠢᠮᠠᠭ ᠬᠣᠲᠠ ᠵᠢᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠦ᠂ ᠤᠷᠢᠳᠴᠢᠯᠠᠨ ᠪᠠᠶ᠋ᠢᠯᠳᠤᠵᠤ᠂ ᠲᠦᠷᠦᠯ ᠵᠦᠢ᠍ᠯ᠎ᠳᠤ ᠣᠷᠣᠯᠴᠠᠭᠰᠠᠨ ᠠᠵᠤ ᠠᠬᠤᠶ᠋ᠢᠯᠠᠯ᠎ᠯᠤᠭ᠎ᠠ ᠰᠤᠷᠠᠭ ᠵᠠᠩᠭᠢ᠎ᠪᠠᠨ ᠬᠠᠷᠢᠯᠴᠠᠨ ᠬᠤᠪᠢᠶᠠᠯᠴᠠᠵᠤ᠂ ᠬᠠᠷᠢᠯᠴᠠᠨ ᠬᠠᠪᠰᠤᠷᠤᠯᠴᠠᠨ᠂ ᠦᠨᠡᠨᠴᠢ ᠰᠢᠳᠤᠷᠭᠤ᠎ᠪᠠᠷ ᠬᠠᠮᠲᠤᠷᠠᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠬᠦ᠎ᠳᠤ ᠬᠠᠮᠳᠤᠷᠠᠭᠰᠠᠨ ᠬᠦᠴᠦᠨ᠎ᠢ ᠪᠤᠢ ᠪᠤᠯᠭ᠋ᠠᠨ᠎ᠠ᠃

 

W020240322421217584600.jpg

 

 

     ᠭᠡᠷ᠎ᠡ ᠲᠣᠭᠲᠠᠬᠤ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠪᠠ ᠬᠠᠮᠢᠶᠠᠷᠤᠯᠲᠠ᠎ᠳᠤ ᠱᠠᠭ᠋ᠠᠷᠳᠠᠯᠭ᠎ᠠ ᠳᠤᠷᠠᠳᠪᠠ᠂ ᠲᠡᠷᠡ ᠴᠢᠬᠤᠯᠠᠴᠢᠯᠠᠭᠰᠠᠨ᠎ᠨᠢ᠂ ᠨᠢᠭᠡ᠎ᠳᠤ ᠦᠢ᠍ᠯᠡᠳᠪᠦᠷᠢᠯᠡᠯ ᠡᠵᠡᠩᠨᠡᠯᠲᠡ ᠵᠢ ᠵᠢᠷᠤᠮᠵᠢᠭᠤᠯᠵᠤ᠂ ᠲᠥᠷᠥᠯ  ᠵᠦᠢ᠍ᠯ᠎ᠤᠨ ᠪᠠᠯᠠ ᠮᠥᠩᠭᠥ ᠵᠢᠨ ᠬᠠᠮᠢᠶᠠᠷᠤᠯᠲᠠ ᠪᠠ ᠬᠡᠷᠡᠭᠯᠡᠯᠲᠡ ᠵᠢ ᠴᠢᠩᠭ᠋ᠠᠳᠬᠠᠵᠤ᠂ ᠬᠢᠵᠠᠭ᠋ᠠᠷᠲᠠᠶ ᠪᠠᠯᠠ ᠮᠥᠩᠭᠥ ᠵᠢ ᠭᠤᠤᠯᠳᠠᠯᠭ᠎ᠠ᠎ᠲᠠᠢ ᠠᠵᠢᠯ᠎ᠳᠤ ᠬᠡᠷᠡᠭᠯᠡᠵᠦ᠂ ᠬᠦᠷᠢᠶᠡᠯᠡᠩ᠎ᠠᠴᠠ ᠪᠤᠢ᠌ᠵᠢᠭᠤᠯᠬᠤ ᠴᠢᠬᠢ ᠮᠣᠳᠣᠨ᠎ᠤ ᠲᠥᠷᠥᠯ ᠵᠦᠢ᠍ᠯ᠎ᠨᠢ ᠴᠡᠪᠡᠷ᠂ ᠶᠠᠰᠤ ᠴᠢᠨᠠᠷ᠎ᠨᠢ ᠰᠢᠯᠢᠳᠡᠭ ᠰᠠᠶ᠋ᠢᠨ ᠪᠠᠶ᠋ᠢᠬᠤ ᠵᠢ ᠪᠠᠲᠤᠯᠠᠬᠤ ᠬᠡᠷᠡᠭᠲᠡᠶ᠃ ᠬᠣᠶᠠᠷ᠎ᠲᠤ ᠬᠠᠷᠢᠶ᠎ᠠ ᠣᠷᠣᠨ᠎ᠤ᠎ᠪᠠᠨ ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠴᠡᠭᠡ ᠵᠢ ᠦᠨᠳᠦᠰᠦᠯᠡᠨ᠂ ᠴᠢᠬᠢ ᠪᠣᠶ᠋ᠢᠵᠢᠭᠤᠯᠬᠤ ᠬᠡᠪᠴᠢᠶ᠎ᠡ ᠪᠠ ᠴᠢᠬᠢ ᠪᠣᠶ᠋ᠢᠵᠢᠭᠤᠯᠬᠤ ᠴᠢᠭᠯᠡᠯ᠎ᠢ ᠴᠠᠭ ᠲᠤᠬᠠᠶ᠎ᠳᠤᠨᠢ ᠲᠣᠬᠢᠷᠠᠭᠤᠯᠵᠤ᠂ ᠴᠢᠨᠠᠷ ᠰᠠᠶ᠋ᠢᠲᠠᠶ ᠰᠢᠯᠢᠳᠡᠭ ᠡᠭᠦᠯᠳᠡᠷ᠎ᠤᠨ ᠴᠢᠬᠢ ᠵᠢ ᠵᠠᠬ᠎ᠠ ᠳᠡᠯᠭᠡᠭᠦᠷ᠎ᠲᠤ ᠴᠠᠭ᠎ᠲᠤᠨᠢ ᠲᠣᠬᠢᠷᠠᠭᠤᠯᠤᠨ ᠬᠠᠩᠭ᠋ᠠᠵᠤ᠂ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ ᠵᠢ ᠲᠡᠩᠴᠡᠭᠦᠷᠢ᠎ᠲᠠᠢ ᠪᠠᠶ᠋ᠢᠯᠭ᠋ᠠᠵᠤ᠂ ᠵᠠᠬ᠎ᠠ ᠳᠡᠯᠭᠡᠭᠦᠷ᠎ᠤᠨ ᠦᠷ᠎ᠡ ᠴᠢᠬᠢ ᠵᠢᠨ ᠦᠨ᠎ᠡ ᠬᠠᠩᠰᠢ ᠵᠢ ᠲᠣᠭᠲᠠᠪᠤᠷᠢᠵᠢᠭᠤᠯᠬᠤ ᠬᠡᠷᠡᠭᠲᠡᠶ᠃ ᠭᠤᠷᠪᠠ᠎ᠳᠤ 《ᠵᠠᠬᠢᠶᠠᠯᠠᠭ᠎ᠠ᠎ᠪᠠᠷ ᠦᠢ᠍ᠯᠡᠳᠪᠦᠷᠢᠯᠡᠬᠦ᠂ ᠬᠠᠨᠳᠤᠯᠭ᠎ᠠ᠎ᠲᠠᠢ᠎ᠪᠠᠷ ᠪᠣᠶ᠋ᠢᠵᠢᠭᠤᠯᠬᠤ》 ᠵᠠᠭᠪᠤᠷ᠎ᠢ ᠢᠳᠡᠪᠬᠢᠲᠡᠢ ᠶᠠᠪᠤᠭᠤᠯᠵᠤ᠂ ᠰᠠᠶ᠋ᠢᠲᠤᠷ ᠪᠣᠶ᠋ᠢᠵᠢᠭᠤᠯᠵᠤ᠂ ᠦᠢ᠍ᠯᠡᠳᠪᠦᠷᠢᠯᠡᠯ ᠪᠤᠷᠤᠯᠠᠭᠤᠯᠭ᠎ᠠ ᠵᠢ ᠰᠢᠯᠢᠳᠡᠭᠵᠢᠬᠦᠯᠵᠦ᠂ ᠬᠠᠩᠭ᠋ᠠᠯᠭ᠎ᠠ ᠬᠦᠴᠦᠯᠴᠡᠬᠦ ᠦᠭᠡᠢ ᠪᠤᠶᠤ ᠳᠠᠷᠤᠭᠳᠠᠭᠤᠯᠤᠨ ᠪᠦᠷᠢᠯᠭᠡᠬᠦ᠎ᠠᠴᠠ ᠵᠠᠶ᠋ᠢᠯᠠᠰᠬᠢᠬᠦ ᠬᠡᠷᠡᠭᠲᠡᠢ᠃ ᠳᠥᠷᠪᠡ᠎ᠳᠤ ᠦᠷ᠎ᠡ ᠴᠢᠬᠢ ᠵᠢᠨ  ᠦᠢ᠍ᠯᠡᠳᠪᠦᠷᠢᠯᠡᠯ᠎ᠤᠨ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠰᠦᠯᠵᠢᠶᠡᠨ᠎ᠤ ᠵᠠᠭᠤᠴᠢ᠂ ᠶᠠᠷᠢᠯᠴᠠᠬᠤ ᠬᠤᠷᠠᠯ᠂ ᠠᠷᠠᠯᠵᠢᠶᠠᠨ᠎ᠤ ᠬᠤᠷᠠᠯ ᠬᠢᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠰᠤᠯᠢᠯᠴᠠᠬᠤ ᠬᠡᠷᠡᠭᠲᠡᠶ᠃ ᠲᠠᠪᠤ᠎ᠳᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠴᠡᠭᠴᠡᠯᠡᠨ ᠵᠠᠰᠠᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠠᠵᠢᠯ ᠲᠥᠷᠥᠯ᠎ᠤᠨ ᠭᠠᠭᠴᠠᠭ᠋ᠠᠷ ᠡᠵᠡᠮᠰᠢᠬᠦ᠂ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠬᠤ᠂ ᠦᠷ᠎ᠡ ᠴᠢᠬᠢ ᠵᠢᠨ ᠦᠨ᠎ᠡ ᠬᠠᠩᠰᠢ ᠵᠢ ᠥᠰᠬᠡᠬᠦ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ ᠬᠠᠭᠤᠷᠮᠠᠭ ᠵᠶ᠋ᠠᠷ ᠵᠢᠩᠬᠢᠨᠢ ᠵᠢ ᠣᠷᠣᠯᠠᠭᠤᠯᠬᠤ ᠵᠡᠷᠭᠡ ᠠᠵᠢᠯ ᠲᠥᠷᠥᠯ᠎ᠤᠨ ᠡᠮᠬᠢ ᠵᠠᠮᠪᠠᠷᠠᠭ᠎ᠠ ᠦᠭᠡᠢ ᠪᠠᠶ᠋ᠢᠳᠠᠯ᠎ᠳᠤ ᠴᠢᠩᠭ᠎ᠠ ᠴᠣᠬᠢᠯᠲᠠ ᠥᠭᠴᠦ᠂ ᠦᠷ᠎ᠡ ᠴᠢᠬᠢ ᠵᠢᠨ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠣᠷᠴᠢᠨ ᠠᠬᠤᠶ ᠵᠢ ᠪᠠᠶ᠋ᠢᠭᠤᠯᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠬᠥᠷᠥᠰᠥᠨ᠎ᠤ ᠰᠢᠮᠡᠳᠬᠡᠯ ᠪᠠ ᠴᠠᠭ ᠠᠭᠤᠷ᠎ᠤᠨ ᠨᠥᠬᠦᠴᠡᠯ ᠬᠠᠪᠤᠷ᠎ᠤᠨ ᠲᠠᠷᠢᠶᠠᠯᠠᠭ᠎ᠠ᠎ᠳᠤ ᠠᠰᠢᠭᠲᠠᠢ ᠪᠠᠶ᠋ᠢᠨ᠎ᠠ
ᠲᠥᠯᠥᠪᠵᠢᠭᠦᠯᠭᠡ᠎ᠪᠠᠷ ᠤᠳᠤᠷᠢᠳᠤᠮᠵᠢ ᠪᠣᠯᠭ᠋ᠠᠵᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ᠎ᠡ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠡᠳ᠋ ᠵᠤᠷᠭ᠋ᠠᠨ᠎ᠤ ᠳᠠᠷᠤᠭ᠎ᠠ ᠯᠢ ᡁᠢ ᠴᠢᠶᠠᠩ ᠨᠠᠷ ᠮᠠᠨ᠎ᠤ ᠲᠣᠪᠴᠢᠶ᠎ᠠ᠎ᠳᠤ ᠬᠦᠷᠴᠦ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠲᠤᠭᠤᠯᠬᠤ ᠲᠤᠭᠤᠷᠢᠯ ᠵᠠᠮ᠎ᠤᠨ ᠠᠶᠠᠯᠠᠯ᠎ᠤᠨ ᠱᠤᠭᠤᠮ᠎ᠢ ᠲᠦᠯᠥᠪᠵᠢᠬᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠰᠢᠨ᠎ᠡ ᠰᠢᠯᠢᠳᠡᠭ ᠡᠭᠦᠯᠳᠡᠷ ᠨᠡᠢ᠌ᠲᠡᠯᠡᠭᠳᠡᠪᠡ
 
             蒙ICP备05000248号