ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠪᠥᠬᠥ ᠲᠠᠯ᠎ᠠ᠎ᠪᠠᠷ ᠵᠠᠳᠠᠯᠵᠤ᠂ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠷᠢᠰᠢᠭᠤᠯᠤᠯᠲᠠ᠂ ᠬᠠᠷᠠᠯᠲᠠ᠂ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠳᠤᠷᠠᠳᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ (2023—2030 ᠣᠨ)》 ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠦᠭᠰᠡᠨ ᠪᠥᠭᠡᠳ 2023 ᠣᠨ᠎ᠤ ᠵᠢᠯ᠎ᠤᠨ ᠰᠡᠭᠦᠯᠴᠢ᠎ᠪᠠᠷ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠪᠠ᠃
《ᠲᠥᠯᠥᠪᠵᠢᠭᠦᠯᠭᠡ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠳᠤᠷᠢᠳᠤᠯᠭ᠎ᠠ ᠪᠤᠯᠭ᠋ᠠᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ ᠪᠠ 《ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠬᠦᠷᠬᠦ》 ᠬᠠᠷᠠᠯᠲᠠ᠎ᠳᠤ ᠴᠢᠭᠯᠡᠬᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠤᠯᠭ᠋ᠠᠵᠤ᠂ 《5 + 4 + 3》 ᠣᠲᠣ ᠦᠶ᠎ᠡ ᠵᠢᠨ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ ᠵᠢ ᠲᠤᠷᠠᠳᠴᠤ᠂ ᠣᠨᠴᠠᠯᠢᠭᠲᠤ ᠠᠵᠤ ᠦᠢ᠍ᠯᠡᠰ᠎ᠤᠨ ᠪᠦᠯᠦᠭᠡᠯᠡᠯ᠎ᠤᠨ ᠬᠡᠯᠬᠢᠶ᠎ᠡ ᠵᠢ ᠲᠦᠷᠭᠡᠳᠬᠡᠵᠦ᠂ ᠤᠯᠠᠮᠵᠢᠯᠠᠯᠲᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠪᠠ ᠬᠦᠭᠵᠢᠯᠲᠡ ᠵᠢᠨ ᠢᠷᠡᠭᠡᠳᠦᠢ᠎ᠲᠠᠢ ᠠᠵᠤ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ᠂ ᠣᠨᠴᠠᠯᠢᠭᠲᠤ ᠣᠢ ᠰᠢᠭᠤᠢ ᠵᠢᠨ ᠵᠢᠮᠢᠰ᠎ᠤᠨ ᠪᠦᠲᠦᠭᠡᠭᠳᠡᠬᠦᠨ᠂ ᠡᠪᠡᠰᠦᠨ᠎ᠤ ᠠᠵᠤ ᠦᠢ᠍ᠯᠡᠰ᠂ ᠤᠢ ᠰᠢᠭᠤᠢ ᠡᠪᠡᠰᠦᠨ᠎ᠤ ᠬᠢᠲᠠᠳ ᠡᠮ᠎ᠤᠨ ᠮᠠᠲ᠋ᠧᠷᠢᠶᠠᠯ᠂ ᠤᠢ ᠰᠢᠭᠤᠶ ᠵᠢᠨ ᠢᠳᠡᠭᠡᠨ᠂ ᠮᠣᠳᠣᠯᠢᠭ ᠠᠮᠤ ᠲᠣᠰᠣ ᠵᠢᠨ ᠲᠠᠪᠤᠨ ᠶᠡᠬᠡ ᠠᠵᠤ ᠦᠢ᠍ᠯᠡᠰ᠎ᠤᠨ ᠪᠦᠯᠦᠭᠯᠡᠯ᠎ᠢ ᠪᠤᠢ ᠪᠤᠯᠭ᠋ᠠᠨ ᠬᠦᠭᠵᠢᠬᠦᠯᠵᠦ᠂ 2025 ᠣᠨ᠂ 2030 ᠣᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠦᠢ᠍ᠯᠡᠳᠬᠦᠨ᠎ᠤ ᠶᠡᠷᠦᠩᠬᠡᠶ ᠥᠷᠲᠡᠭ᠎ᠢ ᠲᠤᠰ ᠲᠤᠰ 1100 ᠳ᠋ᠦᠩᠰᠢᠭᠤᠷ ᠲᠥᠭᠥᠷᠢᠭ ᠪᠣᠯᠤᠨ 1500 ᠳ᠋ᠦᠩᠰᠢᠭᠤᠷ ᠲᠥᠭᠥᠷᠢᠭ᠎ᠤᠨ ᠬᠥᠭᠵᠢᠯᠲᠡ ᠵᠢᠨ ᠬᠠᠷᠠᠯᠲᠠ᠎ᠳᠤ ᠬᠦᠷᠦᠭᠦᠯᠦᠨ᠎ᠡ᠃
《ᠲᠥᠯᠥᠪᠵᠢᠭᠦᠯᠭᠡ》 ᠵᠢ ᠳᠠᠷᠤᠮᠠᠯᠯᠠᠨ ᠲᠠᠷᠬᠠᠭ᠋ᠠᠭᠰᠠᠨ᠎ᠨᠢ᠂ ᠮᠠᠨ᠎ᠤ ᠣᠷᠣᠨ᠎ᠤ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠣᠨᠣᠯᠵᠢᠬᠤᠨ᠎ᠢ ᠭᠦᠨᠵᠡᠭᠡᠶ ᠦᠢ᠍ᠯᠡᠳᠦᠯᠭᠡᠵᠢᠬᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠳᠠᠯᠳᠠ ᠬᠦᠴᠦᠨ᠎ᠢ ᠬᠦᠢ᠍ᠴᠡᠳ ᠠᠭᠤᠳᠠᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ᠂ ᠠᠵᠤ ᠦᠢ᠍ᠯᠡᠰ᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠲᠦᠪᠰᠢᠨ᠎ᠳᠤ ᠬᠦᠷᠬᠦ᠎ᠳᠤ ᠵᠢᠷᠤᠮᠵᠢᠯ ᠬᠠᠩᠭ᠋ᠠᠵᠤ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢ᠍ᠯᠡᠰ᠎ᠤᠨ ᠳᠠᠪᠠᠭᠤᠯᠢᠭ᠂ ᠠᠵᠤ ᠠᠬᠤᠶ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠠᠮᠢ ᠠᠬᠤᠶ ᠵᠢᠨ ᠦᠷ᠎ᠡ ᠠᠰᠢᠭ᠂ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠎ᠤᠨ 《ᠭᠤᠷᠪᠠᠨ ᠦᠷ᠎ᠡ ᠠᠰᠢᠭ᠎ᠢ ᠨᠢᠭᠡᠳᠬᠡᠬᠦ》 ᠵᠢ ᠪᠡᠶᠡᠯᠡᠭᠦᠯᠬᠦ᠎ᠳᠤ ᠴᠢᠭᠯᠡᠯ ᠵᠢᠭ᠋ᠠᠵᠤ ᠥᠭᠴᠡᠶ᠃