3 ᠰᠠᠷ᠎ᠠ ᠵᠢᠨ 26᠎ᠤ ᠡᠳᠦᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠡᠳ᠋ ᠵᠤᠷᠭ᠋ᠠᠨ᠎ᠤ ᠳᠠᠷᠤᠭ᠎ᠠ ᠯᠢ ᡁᠢ ᠴᠢᠶᠠᠩ ᠨᠠᠷ ᠮᠠᠨ᠎ᠤ ᠲᠣᠪᠴᠢᠶ᠎ᠠ᠎ᠳᠤ ᠢᠷᠡᠵᠦ ᠪᠠᠶ᠋ᠢᠴᠠᠭ᠋ᠠᠨ ᠰᠤᠳᠤᠯᠤᠯᠲᠠ ᠬᠢᠵᠦ᠂ ᠦᠨᠳᠦᠰᠦᠨ ᠨᠤᠲᠤᠭ ᠪᠡᠯᠴᠢᠭᠡᠷ᠎ᠢ ᠵᠠᠭ᠋ᠠᠭᠯᠠᠨ ᠲᠣᠭᠲᠠᠭ᠋ᠠᠬᠤ ᠪᠠ ᠬᠠᠮᠠᠭ᠋ᠠᠯᠠᠬᠤ᠂ ᠨᠤᠲᠤᠭ ᠪᠡᠯᠴᠢᠭᠡᠷ᠎ᠲᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠮᠠᠯ ᠪᠡᠯᠴᠢᠭᠡᠷ᠎ᠤᠨ ᠲᠡᠩᠴᠡᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠪᠠ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠡᠷᠭᠡ ᠠᠵᠢᠯ᠎ᠤᠨ ᠲᠤᠬᠠᠶ ᠭᠦᠨᠵᠡᠭᠡᠶ ᠰᠣᠯᠢᠯᠴᠠᠪᠠ᠃ ᠮᠠᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠬᠠᠷᠢᠭᠤ ᠮᠡᠳᠡᠭᠦᠯᠦᠯᠲᠡ ᠬᠢᠵᠦ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠣᠶ ᠰᠢᠭᠤᠶ ᠵᠢᠨ ᠡᠬᠢ ᠪᠠᠶᠠᠯᠢᠭ᠎ᠤᠨ ᠬᠢᠨᠠᠯᠲᠠ ᠲᠠᠯᠪᠢᠬᠤ ᠲᠤᠰᠬᠠᠶ ᠲᠤᠰᠢᠶᠠᠯᠲᠠᠨ᠎ᠤ ᠬᠡᠷᠡᠭ ᠡᠷᠬᠢᠯᠡᠬᠦ ᠭᠠᠵᠠᠷ᠎ᠤᠨ ᠨᠤᠲᠤᠭ ᠪᠡᠯᠴᠢᠭᠡᠷ ᠬᠢᠭᠡᠳ ᠡᠯᠡᠰᠦ ᠮᠠᠩᠬ᠎ᠠ ᠵᠢ ᠬᠢᠨᠠᠨ ᠬᠠᠮᠢᠶᠠᠷᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠲᠤ ᠬᠢᠨᠠᠯᠲᠠ ᠲᠠᠯᠪᠢᠬᠤ ᠭᠠᠵᠠᠷ᠂ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠂ ᠣᠶ ᠰᠢᠭᠤᠶ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠭᠤᠤᠯ ᠬᠠᠷᠢᠭᠤᠴᠠᠯᠭ᠋ᠠᠲᠠᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠥᠮᠦᠰ ᠶᠠᠷᠢᠯᠴᠠᠬᠤ ᠬᠤᠷᠠᠯ᠎ᠳᠤ ᠣᠷᠣᠯᠴᠠᠪᠠ᠃

ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠭᠠᠵᠠᠷ᠎ᠤᠨ ᠳᠠᠷᠤᠭ᠎ᠠ ᠰᠦᠨ ᠨᠤᠸᠠᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ᠂ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠠᠵᠢᠯ᠎ᠢ ᠦᠷᠭᠦᠯᠵᠢᠯᠡᠨ ᠴᠢᠩᠭ᠋ᠠᠳᠬᠠᠬᠤ᠂ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢᠨ ᠰᠢᠰᠲ᠋ᠧᠮ ᠪᠠ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠲᠠᠪᠤᠨ ᠲᠠᠯ᠎ᠠ᠎ᠠᠴᠠ ᠨᠤᠲᠤᠭ ᠪᠡᠯᠴᠢᠭᠡᠷ᠎ᠤᠨ ᠵᠤᠷᠭ᠋ᠠᠨ᠎ᠤ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠪᠠ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢᠨ ᠭᠤᠤᠯᠳᠠᠯᠭ᠎ᠠ᠎ᠲᠠᠢ ᠠᠵᠢᠯ᠎ᠢ ᠲᠠᠨᠢᠯᠴᠠᠭᠤᠯᠪᠠ᠃ ᠰᠦᠨ ᠨᠤᠸᠠᠨ ᠭᠠᠵᠠᠷ᠎ᠤᠨ ᠳᠠᠷᠤᠭ᠎ᠠ ᠵᠢᠭ᠋ᠠᠵᠤ ᠭᠠᠷᠭ᠋ᠠᠭᠰᠠᠨ᠎ᠨᠢ᠂ ᠲᠣᠰ ᠤᠳᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠪᠣᠯ ᠨᠤᠲᠤᠭ ᠪᠡᠯᠴᠢᠭᠡᠷ᠎ᠤᠨ ᠵᠤᠷᠭ᠋ᠠᠨ᠎ᠤ 2024 ᠣᠨ᠎ᠤ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠬᠦ ᠵᠢᠨ ᠤᠷᠢᠳᠤᠯ ᠪᠣᠯᠤᠨ᠎ᠠ᠂ ᠨᠤᠲᠤᠭ ᠪᠡᠯᠴᠢᠭᠡᠷ᠎ᠤᠨ ᠵᠤᠷᠭ᠋ᠠᠨ᠎ᠤ ᠮᠠᠰᠢ ᠣᠯᠠᠨ ᠠᠵᠢᠯ᠎ᠨᠢ ᠴᠥᠮ ᠥᠪᠥᠷ ᠮᠣᠩᠭᠣᠯ᠎ᠤᠨ ᠡᠭᠦᠳᠦᠭᠰᠡᠨ ᠲᠤᠷᠰᠢᠯᠭ᠎ᠠ᠎ᠠᠴᠠ ᠰᠠᠯᠵᠤ ᠴᠢᠳᠠᠬᠤ ᠥᠬᠡᠶ᠂ ᠨᠠᠩ ᠴᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠵᠤᠷᠭ᠋ᠠᠨ᠎ᠤ ᠬᠠᠮᠢᠶ᠎ᠠ ᠪᠥᠬᠥᠶ ᠭᠠᠵᠠᠷ ᠲᠠᠰᠤᠭ᠎ᠤᠨ ᠭᠤᠤᠯᠳᠠᠯᠭ᠎ᠠ᠎ᠲᠠᠢ ᠠᠵᠢᠯ᠎ᠤᠨ ᠲᠤᠯᠭ᠋ᠠᠭᠤᠷᠢᠯᠠᠯ ᠪᠠ ᠳᠡᠮᠵᠢᠯᠭᠡ᠎ᠠᠴᠠ ᠰᠠᠯᠵᠤ ᠴᠢᠳᠠᠬᠤ ᠥᠬᠡᠶ ᠶᠤᠮ᠃ ᠥᠪᠥᠷ ᠮᠣᠩᠭᠣᠯ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠤᠨ ᠡᠯ᠎ᠡ ᠲᠠᠯ᠎ᠠ᠎ᠪᠠᠷ ᠴᠥᠮ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠶᠠᠪᠤᠵᠤ᠂ ᠢᠯᠠᠩᠭᠤᠶ᠎ᠠ ᠦᠨᠳᠦᠰᠦᠨ ᠨᠤᠲᠤᠭ ᠪᠡᠯᠴᠢᠭᠡᠷ᠎ᠢ ᠵᠠᠭ᠋ᠠᠭᠯᠠᠨ ᠲᠣᠭᠲᠠᠭ᠋ᠠᠬᠤ ᠪᠠ ᠬᠠᠮᠠᠭ᠋ᠠᠯᠠᠨ ᠬᠠᠮᠢᠶᠠᠷᠬᠤ ᠠᠵᠢᠯ᠎ᠤᠨ ᠲᠠᠯ᠎ᠠ᠎ᠪᠠᠷ ᠪᠥᠬᠥ ᠤᠯᠤᠰ᠎ᠲᠤ ᠬᠡᠪ ᠳᠠᠭᠤᠷᠢᠶᠠᠯ ᠪᠣᠯᠵᠣ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ ᠦᠵᠡᠭᠦᠯᠪᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠨᠤᠲᠤᠭ ᠪᠡᠯᠴᠢᠭᠡᠷ᠎ᠤᠨ ᠵᠤᠷᠭ᠋ᠠᠨ᠎ᠤ ᠬᠠᠮᠢᠶ᠎ᠠ ᠪᠥᠬᠥᠶ ᠠᠵᠢᠯ᠎ᠢ ᠦᠷᠭᠦᠯᠵᠢᠯᠡᠨ ᠪᠥᠬᠥ ᠬᠦᠴᠦᠨ ᠵᠶ᠋ᠠᠷ ᠵᠶ᠋ᠠᠨ ᠳᠡᠮᠵᠢᠬᠦ ᠵᠢ ᠬᠦᠰᠡᠵᠦ ᠪᠠᠶ᠋ᠢᠨ᠎ᠠ ᠭᠡᠵᠡᠢ᠃

ᠮᠠᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠡᠳ᠋ ᠳᠠᠷᠤᠭ᠎ᠠ ᠯᠢ ᡁᠢ ᠴᠢᠶᠠᠩ ᠨᠠᠷ᠎ᠤᠨ ᠬᠦᠷᠦᠯᠴᠡᠨ ᠢᠷᠡᠭᠰᠡᠨ᠎ᠳᠤ ᠪᠠᠶᠠᠷᠯᠠᠨ ᠤᠭᠲᠤᠵᠤ ᠪᠠᠶ᠋ᠢᠬᠤ ᠪᠠ ᠲᠠᠯᠠᠷᠬᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠠᠵᠢᠯ᠂ ᠨᠤᠲᠤᠭ ᠪᠡᠯᠴᠢᠭᠡᠷ᠎ᠤᠨ ᠬᠤᠪᠢᠷᠠᠯᠲᠠ ᠵᠢᠨ ᠵᠢᠷᠤᠭ᠎ᠢ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ᠂ ᠦᠨᠳᠦᠰᠦᠨ ᠨᠤᠲᠤᠭ ᠪᠡᠯᠴᠢᠭᠡᠷ᠎ᠢ ᠵᠠᠭ᠋ᠠᠭᠯᠠᠨ ᠲᠣᠭᠲᠠᠭ᠋ᠠᠬᠤ᠂ ᠨᠤᠲᠤᠭ ᠪᠡᠯᠴᠢᠭᠡᠷ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠰᠡᠷᠭᠦᠭᠡᠬᠦ ᠲᠦᠷᠢᠮ᠎ᠢ ᠬᠡᠷᠡᠭᠵᠢᠭᠦᠯᠬᠦ᠂ ᠨᠤᠲᠤᠭ ᠪᠡᠯᠴᠢᠭᠡᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠲᠠᠯ᠎ᠠ᠎ᠪᠠᠷ ᠭᠤᠤᠯᠯᠠᠭᠤᠯᠤᠨ᠂ ᠮᠠᠨ᠎ᠤ ᠲᠣᠪᠴᠢᠶ᠎ᠠ ᠵᠢᠨ ᠣᠳᠣᠬᠠᠨ᠎ᠤ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠤᠨ ᠣᠯᠤᠭᠰᠠᠨ ᠦᠷ᠎ᠡ ᠪᠦᠲᠦᠮᠵᠢ ᠵᠢᠴᠢ ᠲᠤᠯᠭ᠋ᠠᠷᠠᠵᠤ ᠪᠠᠶ᠋ᠢᠭ᠎ᠠ ᠬᠦᠴᠢᠷᠳᠡᠯ᠎ᠢ ᠬᠠᠷᠢᠭᠤ ᠮᠡᠳᠡᠭᠦᠯᠪᠡ᠃ ᠡᠭᠦᠨ᠎ᠤ ᠬᠠᠮᠲᠤ ᠮᠠᠨ᠎ᠤ ᠲᠣᠪᠴᠢᠶ᠎ᠠ ᠨᠤᠲᠤᠭ ᠪᠡᠯᠴᠢᠭᠡᠷ᠎ᠤᠨ ᠵᠤᠷᠭ᠋ᠠᠨ᠎ᠤ ᠡᠯ᠎ᠡ ᠵᠦᠢ᠍ᠯ᠎ᠤᠨ ᠠᠵᠢᠯ᠎ᠢ ᠪᠥᠬᠥ ᠬᠦᠴᠦᠨ ᠵᠶ᠋ᠠᠷ ᠵᠶ᠋ᠠᠨ ᠳᠡᠮᠵᠢᠨ ᠬᠠᠮᠵᠢᠯᠴᠠᠵᠤ᠂ ᠡᠯ᠎ᠡ ᠵᠦᠢ᠍ᠯ᠎ᠤᠨ ᠡᠭᠦᠷᠭᠡ ᠵᠢ ᠴᠢᠨᠠᠷ ᠰᠠᠶ᠋ᠢᠲᠠᠶ ᠥᠨᠳᠥᠷ ᠪᠦᠲᠦᠮᠵᠢᠲᠡᠶ᠎ᠪᠠᠷ ᠪᠡᠶᠡᠯᠡᠭᠦᠯᠦᠨ᠎ᠡ ᠭᠡᠵᠦ ᠢᠯᠡᠷᠬᠡᠶ᠋ᠢᠯᠡᠪᠡ᠃

ᠴᠧᠨ ᠶᠦᠩ ᠴᠢᠤᠸᠠᠨ ᠳᠡᠳ᠋ ᠲᠣᠪᠴᠢᠶᠠᠨ ᠳᠠᠷᠤᠭ᠎ᠠ ᠢᠯᠡᠷᠬᠡᠶ᠋ᠢᠯᠡᠬᠦ᠎ᠳᠡᠭᠡᠨ᠂ ᠥᠪᠥᠷ ᠮᠣᠩᠭᠣᠯ᠎ᠤᠨ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ ᠭᠦᠨᠵᠡᠭᠡᠶ᠋ᠢᠷᠡᠨ ᠠᠭᠢᠵᠤ ᠪᠠᠶ᠋ᠢᠭ᠎ᠠ ᠲᠠᠰᠢᠷᠠᠮ᠎ᠳᠤ᠂ ᠨᠤᠲᠤᠭ ᠪᠡᠯᠴᠢᠭᠡᠷ᠎ᠤᠨ ᠵᠤᠷᠭ᠋ᠠᠨ ᠲᠣᠰ ᠤᠳᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠵᠢ ᠴᠠᠭ ᠲᠤᠬᠠᠶ᠎ᠳᠤᠨᠢ ᠥᠷᠨᠢᠭᠦᠯᠵᠦ ᠪᠠᠶ᠋ᠢᠬᠤ᠎ᠨᠢ ᠲᠤᠶ᠋ᠢᠯ᠎ᠤᠨ ᠴᠢᠬᠤᠯᠠ ᠶᠤᠮ᠃ ᠨᠢᠭᠡ᠎ᠳᠤ ᠨᠤᠲᠤᠭ ᠪᠡᠯᠴᠢᠭᠡᠷ᠎ᠤᠨ ᠵᠤᠷᠭ᠋ᠠᠨ᠎ᠤ ᠭᠤᠤᠯᠳᠠᠯᠭ᠎ᠠ᠎ᠲᠠᠢ ᠠᠵᠢᠯ᠎ᠤᠨ ᠲᠤᠬᠠᠶ ᠪᠣᠳᠣᠯ ᠪᠠ ᠲᠥᠯᠥᠪᠯᠡᠭᠡ᠎ᠨᠢ ᠮᠠᠨ᠎ᠤ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠲᠠᠢ ᠳᠡᠭᠡᠳᠦ ᠬᠡᠮᠵᠢᠶ᠎ᠡ᠎ᠪᠠᠷ ᠨᠡᠶ᠋ᠢᠴᠡᠵᠦ ᠪᠠᠶ᠋ᠢᠨ᠎ᠠ᠂ ᠮᠠᠨ᠎ᠤ ᠲᠣᠪᠴᠢᠶ᠎ᠠ ᠵᠢᠨ 2024 ᠣᠨ᠎ᠤ ᠠᠵᠢᠯ᠎ᠤᠨ ᠲᠣᠬᠢᠷᠠᠭᠤᠯᠤᠯᠲᠠ ᠵᠢ ᠴᠤ᠌ ᠨᠤᠲᠤᠭ ᠪᠡᠯᠴᠢᠭᠡᠷ᠎ᠤᠨ ᠵᠤᠷᠭ᠋ᠠᠨ᠎ᠤ ᠠᠵᠢᠯ᠎ᠤᠨ ᠭᠤᠤᠯᠳᠠᠯᠭ᠎ᠠ ᠵᠢᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠨᠠᠷᠢᠯᠢᠬ᠍ᠵᠢᠭᠤᠯᠤᠭᠰᠠᠨ ᠶᠤᠮ᠃ ᠡᠭᠦᠨ᠎ᠤ ᠬᠠᠮᠲᠤ ᠤᠯᠤᠰ᠎ᠤᠨ ᠲᠤᠰᠬᠠᠶ ᠲᠤᠰᠢᠶᠠᠯᠲᠠᠨ᠎ᠤ ᠠᠯᠪᠠᠨ ᠭᠡᠷᠯᠦᠭᠡ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠳᠤ ᠴᠢᠭᠯᠡᠭᠦᠯᠦᠨ᠂ ᠬᠠᠮᠵᠢᠯᠴᠠᠨ ᠬᠢᠨᠠᠯᠲᠠ ᠲᠠᠯᠪᠢᠬᠤ᠂ ᠬᠠᠮᠲᠤ᠎ᠪᠠᠷ ᠪᠠᠶ᠋ᠢᠴᠠᠭ᠋ᠠᠬᠤ ᠵᠡᠷᠭᠡ ᠠᠵᠢᠯ᠎ᠢ ᠦᠷᠭᠦᠯᠵᠢᠯᠡᠨ ᠥᠷᠨᠢᠭᠦᠯᠦᠨ᠎ᠡ᠃ ᠬᠣᠶᠠᠷ᠎ᠲᠤ ᠥᠪᠥᠷ ᠮᠣᠩᠭᠣᠯ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠲᠠᠯ᠎ᠠ᠎ᠪᠠᠷ ᠮᠠᠰᠢ ᠰᠠᠶ᠋ᠢᠨ ᠠᠵᠢᠯ᠎ᠤᠨ ᠰᠠᠭᠤᠷᠢ᠎ᠲᠠᠢ ᠶᠤᠮ᠂ ᠠᠯᠢ ᠡᠷᠲᠡ 1998 ᠣᠨ᠎ᠳᠤ ᠥᠪᠥᠷ ᠮᠣᠩᠭᠣᠯ ᠳᠠᠷᠤᠶ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠲᠦᠷᠢᠮ》᠎ᠢ ᠨᠡᠶ᠋ᠢᠲᠡᠯᠡᠵᠦ᠂ ᠰᠢᠨ᠎ᠡ ᠨᠤᠲᠤᠭ ᠪᠡᠯᠴᠢᠭᠡᠷ᠎ᠤᠨ ᠬᠠᠤᠯᠢ ᠵᠢ ᠨᠡᠶ᠋ᠢᠲᠡᠯᠡᠨ ᠬᠡᠷᠡᠭᠵᠢᠭᠦᠯᠦᠭᠰᠡᠨ᠎ᠤ ᠳᠠᠷᠠᠭ᠎ᠠ᠂ ᠥᠪᠥᠷ ᠮᠣᠩᠭᠣᠯ ᠡᠨᠡ ᠬᠦ᠌ ᠰᠠᠭᠤᠷᠢᠨ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠲᠦᠷᠢᠮ》᠎ᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠲᠦᠷᠢᠮ》 ᠪᠣᠯᠭ᠋ᠠᠨ ᠪᠦᠷᠢᠯᠳᠦᠭᠦᠯᠵᠦ᠂ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ᠎ᠳᠤ ᠵᠢᠷᠤᠮᠯᠠᠬᠤ ᠬᠠᠤᠯᠢ᠎ᠲᠠᠢ᠂ ᠦᠨᠳᠦᠰᠦᠨ ᠨᠤᠲᠤᠭ ᠪᠡᠯᠴᠢᠭᠡᠷ᠎ᠢ ᠵᠠᠭ᠋ᠠᠭᠯᠠᠨ ᠲᠣᠭᠲᠠᠭ᠋ᠠᠬᠤ ᠠᠵᠢᠯ᠎ᠳᠤ ᠵᠢᠷᠤᠮᠯᠠᠬᠤ ᠦᠨᠳᠦᠰᠦᠯᠡᠯ᠎ᠲᠠᠢ ᠪᠣᠯᠭ᠋ᠠᠪᠠ᠃ ᠭᠤᠷᠪᠠ᠎ᠳᠤ᠂ ᠥᠪᠥᠷ ᠮᠣᠩᠭᠣᠯ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠤᠲᠤᠭ ᠪᠡᠯᠴᠢᠭᠡᠷ᠎ᠤᠨ ᠵᠤᠷᠭ᠋ᠠᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ ᠨᠤᠲᠤᠭ ᠪᠡᠯᠴᠢᠭᠡᠷ᠎ᠤᠨ ᠬᠤᠪᠢᠷᠠᠯᠲᠠ ᠵᠢᠨ ᠵᠢᠷᠤᠭ ᠲᠣᠯᠪᠣ ᠵᠢ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ 2022 ᠣᠨ᠎ᠠᠴᠠ ᠨᠠᠭ᠋ᠠᠰᠢ ᠪᠥᠬᠥ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠬᠠᠮᠲᠤ ᠵᠢᠨ ᠴᠢᠷᠮᠠᠶ᠋ᠢᠯᠭ᠎ᠠ ᠳᠤᠤᠷ᠎ᠠ ᠪᠠ ᠡᠯ᠎ᠡ ᠲᠠᠯ᠎ᠠ ᠵᠢᠨ ᠬᠦᠴᠦᠲᠡᠶ ᠳᠡᠮᠵᠢᠯᠭᠡ ᠬᠠᠮᠵᠢᠯᠴᠠᠭ᠎ᠠ ᠳᠤᠤᠷ᠎ᠠ᠂ ᠵᠢᠷᠤᠭ ᠲᠣᠯᠪᠣ ᠵᠢᠨ ᠬᠡᠮᠵᠢᠶ᠎ᠡ ᠶᠡᠬᠡ᠂ ᠬᠥᠮᠦᠨ ᠬᠦᠷᠦᠯᠴᠡᠬᠦ ᠥᠬᠡᠶ ᠵᠡᠷᠭᠡ ᠬᠦᠴᠢᠷᠳᠡᠯ᠎ᠢ ᠢᠯᠡᠨ ᠳᠠᠪᠠᠵᠤ᠂ ᠶᠠᠰᠤ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠨ ᠡᠯ᠎ᠡ ᠬᠤᠭᠤᠴᠠᠭ᠋ᠠᠨ᠎ᠤ ᠨᠤᠲᠤᠭ ᠪᠡᠯᠴᠢᠭᠡᠷ᠎ᠤᠨ ᠬᠤᠪᠢᠷᠠᠯᠲᠠ ᠵᠢᠨ ᠵᠢᠷᠤᠭ ᠲᠣᠯᠪᠣ ᠵᠢ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠨᠤᠲᠤᠭ ᠪᠡᠯᠴᠢᠭᠡᠷ᠎ᠤᠨ ᠬᠤᠪᠢᠷᠠᠯᠲᠠ ᠵᠢᠨ ᠵᠢᠷᠤᠭ ᠲᠣᠯᠪᠣ ᠵᠢ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ ᠬᠠᠮᠢᠶ᠎ᠠ ᠪᠥᠬᠥᠶ ᠲᠤᠷᠰᠢᠯᠭ᠎ᠠ ᠵᠢ ᠬᠤᠷᠠᠮᠳᠤᠭᠤᠯᠵᠤ᠂ ᠨᠤᠲᠤᠭ ᠪᠡᠯᠴᠢᠭᠡᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠪᠦᠲᠦᠮᠵᠢᠲᠡᠶ ᠴᠣᠬᠢᠯᠲᠠ ᠥᠭᠴᠡᠶ᠃ ᠳᠥᠷᠪᠡ᠎ᠳᠤ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠳᠤ ᠲᠤᠰᠠᠯᠠᠵᠤ ᠱᠠᠩᠨᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠰᠢ᠂ ᠰᠠᠶ᠋ᠢᠨ ᠰᠠᠶ᠋ᠢᠬᠠᠨ ᠠᠮᠢ ᠠᠬᠤᠶ᠂ ᠠᠵᠤ ᠠᠬᠤᠶ ᠪᠣᠯᠤᠨ ᠨᠡᠶ᠋ᠢᠭᠡᠮ᠎ᠤᠨ ᠦᠷ᠎ᠡ ᠠᠰᠢᠭ ᠣᠯᠪᠠ᠃ ᠤᠯᠤᠰ᠎ᠠᠴᠠ ᠰᠢᠨ᠎ᠡ ᠨᠢᠭᠡ ᠡᠭᠡᠯᠵᠢ ᠵᠢᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠥᠷᠢ ᠱᠠᠩᠨᠠᠯ᠎ᠤᠨ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ᠂ ᠮᠠᠯᠴᠢᠨ ᠲᠠᠷᠢᠶᠠᠴᠢᠨ᠎ᠤ ᠠᠮᠢᠳᠤᠷᠠᠯ᠎ᠤᠨ ᠰᠠᠶ᠋ᠢᠵᠢᠷᠠᠯᠲᠠ᠂ ᠪᠡᠯᠴᠢᠭᠡᠷ᠎ᠤᠨ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠡᠯᠪᠡᠷᠢ ᠵᠢ ᠬᠤᠪᠢᠷᠠᠭᠤᠯᠬᠤ ᠪᠠ ᠦᠷᠭᠦᠯᠵᠢᠯᠡᠬᠦ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠷᠭᠦᠯᠵᠢᠯᠡᠨ ᠪᠠᠲᠤ ᠴᠣᠭᠴᠠᠯᠠᠬᠤ ᠵᠢ ᠴᠢᠩᠭ᠎ᠠ ᠤᠷᠢᠶᠠᠯᠠᠵᠤ ᠪᠠᠶ᠋ᠢᠨ᠎ᠠ ᠭ᠋ᠡᠵᠡᠢ᠃
ᠳᠡᠳ᠋ ᠵᠤᠷᠭ᠋ᠠᠨ᠎ᠤ ᠳᠠᠷᠤᠭ᠎ᠠ ᠯᠢ ᡁᠢ ᠴᠢᠶᠠᠩ ᠴᠢᠬᠤᠯᠠᠴᠢᠯᠠᠭᠰᠠᠨ᠎ᠨᠢ᠂ ᠥᠪᠥᠷ ᠮᠣᠩᠭᠣᠯ ᠪᠣᠯ ᠶᠡᠷᠦ᠎ᠠᠴᠠ ᠪᠥᠬᠥ ᠤᠯᠤᠰ᠎ᠤᠨ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠠᠵᠢᠯ᠎ᠤᠨ 《ᠬᠣᠰᠢᠭᠤᠴᠢ》᠂ 《ᠪᠡᠬᠢᠯᠡᠯᠲᠡ》 ᠪᠣᠯᠤᠭᠰᠠᠭ᠋ᠠᠷ ᠢᠷᠡᠭᠰᠡᠨ ᠪᠥᠭᠡᠳ ᠦᠨᠳᠦᠰᠦᠨ ᠨᠤᠲᠤᠭ ᠪᠡᠯᠴᠢᠭᠡᠷ᠎ᠢ ᠵᠠᠭ᠋ᠠᠭᠯᠠᠨ ᠲᠣᠭᠲᠠᠭ᠋ᠠᠬᠤ ᠪᠠ ᠲᠣᠬᠢᠷᠠᠭᠤᠯᠤᠯᠲᠠ ᠬᠢᠬᠦ ᠠᠵᠢᠯ᠎ᠳᠤ ᠨᠢᠭᠡᠨᠲᠡ ᠮᠠᠰᠢ ᠪᠣᠯᠪᠠᠰᠤᠷᠠᠩᠭᠤᠶ ᠪᠣᠯᠵᠣ᠂ ᠵᠢᠷᠤᠮᠯᠠᠨ ᠳᠡᠯᠭᠡᠷᠡᠭᠦᠯᠵᠦ ᠪᠣᠯᠬᠤ ᠲᠤᠷᠰᠢᠯᠭ᠎ᠠ ᠦᠷ᠎ᠡ ᠪᠦᠲᠦᠭᠡᠯ᠎ᠢ ᠪᠣᠶ ᠪᠣᠯᠭ᠋ᠠᠵᠠᠶ᠃ ᠨᠢᠭᠡ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ 《ᠤᠯᠤᠰ᠎ᠤᠨ ᠶᠡᠬᠡ ᠲᠠᠯ᠎ᠠ》 ᠵᠢ ᠣᠨᠣᠪᠴᠢᠲᠠᠢ ᠡᠵᠡᠮᠳᠡᠵᠦ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠮᠠᠯᠵᠢᠬᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠬᠣᠶᠠᠷ᠎ᠲᠤ᠂ ᠲᠠᠯ᠎ᠠ ᠨᠤᠲᠤᠭ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠬᠡᠯᠪᠡᠷᠢ ᠵᠢᠨ ᠰᠢᠨ᠎ᠡ ᠵᠢ ᠡᠭᠦᠳᠴᠦ᠂ ᠡᠯ᠎ᠡ ᠲᠥᠷᠥᠯ᠎ᠤᠨ ᠵᠠᠭᠤᠴᠢᠯᠠᠭᠤᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠢᠳᠡᠪᠬᠢᠲᠡᠶ ᠠᠰᠢᠭᠯᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠥᠷᠭᠡᠳᠬᠡᠨ ᠳᠡᠭᠡᠭᠰᠢᠯᠡᠭᠦᠯᠵᠦ᠂ ᠪᠥᠬᠥ ᠠᠷᠠᠳ ᠢᠷᠭᠡᠳ᠎ᠤᠨ ᠬᠠᠤᠯᠢᠵᠢᠯ᠎ᠤᠨ ᠤᠬᠠᠮᠰᠠᠷ ᠪᠠ ᠬᠠᠤᠯᠢᠵᠢᠯ᠎ᠤᠨ ᠬᠡᠪ ᠪᠣᠯᠪᠠᠰᠤᠷᠠᠯ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠪᠥᠬᠥ ᠲᠠᠯ᠎ᠠ᠎ᠪᠠᠷ ᠠᠬᠢᠭᠤᠯᠬᠤ ᠬᠡᠷᠡᠭᠲᠡᠶ᠃ ᠭᠤᠷᠪᠠ᠎ᠳᠤ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠦᠳᠦᠬᠡᠨ ᠪᠠᠶ᠋ᠢᠭᠤᠯᠤᠯᠲᠠ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠤᠨ ᠭᠤᠷᠪᠠᠨ ᠶᠡᠬᠡ ᠪᠡᠯᠭᠡ ᠳᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠣᠯᠤᠭᠰᠠᠨ ᠱᠠᠳᠤᠴᠢ ᠴᠢᠨᠠᠷᠲᠠᠢ ᠦᠷ᠎ᠡ ᠪᠦᠲᠦᠭᠡᠯ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠡᠢ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠂ ᠮᠠᠨ᠎ᠤ ᠲᠣᠪᠴᠢᠶ᠎ᠠ ᠵᠢᠨ ᠬᠠᠷᠠᠭ᠋ᠠᠨ ᠳᠠᠪᠲᠠᠮᠵᠢ ᠵᠢᠨ ᠲᠣᠬᠢᠷᠠᠭᠤᠯᠤᠯᠲᠠ ᠵᠢᠨ ᠬᠤᠷᠠᠯ᠎ᠤᠨ ᠲᠠᠰᠤᠭ᠎ᠢ ᠲᠣᠭᠣᠷᠢᠨ ᠦᠵᠡᠵᠦ᠂ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠢᠰᠲ᠋ᠧᠮ᠎ᠤᠨ ᠲᠣᠭ᠋ᠠᠴᠢᠯᠠᠭᠰᠠᠨ ᠬᠢᠨᠠᠯᠲᠠ ᠬᠠᠮᠢᠶᠠᠷᠤᠯᠲᠠ ᠪᠠ ᠦᠢ᠍ᠯᠡᠴᠢᠯᠡᠭᠡᠨ᠎ᠤ ᠲᠠᠪᠴᠠᠩ᠎ᠤᠨ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢᠨ ᠵᠢᠯᠣᠭᠣᠳᠬᠤ ᠥᠷᠥᠭᠡ᠂ ᠣᠶ ᠰᠢᠭᠤᠢ ᠵᠢᠨ ᠳᠠᠷᠤᠭ᠎ᠠ ᠵᠢᠨ ᠵᠢᠯᠣᠭᠣᠳᠬᠤ ᠥᠷᠥᠭᠡ ᠵᠡᠷᠭᠡ ᠰᠢᠰᠲ᠋ᠧᠮ᠎ᠤᠨ ᠦᠵᠡᠬᠦᠯᠦᠯᠭᠡ ᠵᠢ ᠲᠣᠭᠣᠷᠢᠨ ᠦᠵᠡᠵᠦ᠂ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠪᠠ ᠬᠡᠷᠡᠭᠵᠢᠬᠦᠯᠦᠭᠰᠡᠨ ᠶᠡᠷᠦᠩᠬᠡᠶ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠤᠭᠰᠠᠨ ᠪᠥᠭᠡᠳ ᠨᠤᠲᠤᠭ ᠪᠡᠯᠴᠢᠭᠡᠷ᠎ᠤᠨ ᠲᠣᠭ᠋ᠠᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠲᠤᠷᠰᠢᠯᠲᠠ ᠵᠢᠨ ᠬᠣᠰᠢᠭᠤ ᠰᠢᠶᠠᠨ᠎ᠤ ᠪᠠᠯᠠ ᠮᠥᠩᠭᠥ ᠵᠢᠨ ᠣᠷᠣᠭᠤᠯᠤᠯᠲᠠ᠂ ᠠᠵᠢᠯᠲᠠᠨ ᠪᠠ ᠲᠥᠬᠥᠭᠡᠷᠦᠮᠵᠢ ᠵᠢᠨ ᠲᠣᠬᠢᠷᠠᠭᠤᠯᠤᠯᠲᠠ᠂ ᠠᠵᠢᠯ᠎ᠤᠨ ᠬᠠᠮᠵᠢᠯᠴᠠᠬᠤ ᠲᠣᠭᠲᠠᠴᠠ᠂ ᠰᠢᠰᠲ᠋ᠧᠮ᠎ᠤᠨ ᠠᠵᠢᠯᠯᠠᠭ᠋ᠠᠨ ᠬᠠᠮᠠᠭ᠋ᠠᠯᠠᠯᠲᠠ ᠵᠡᠷᠭᠡ ᠪᠠᠶ᠋ᠢᠳᠠᠯ᠎ᠢ ᠨᠠᠷᠢᠨ ᠬᠢᠨᠠᠮᠠᠭ᠋ᠠᠶ ᠣᠶ᠋ᠢᠯᠠᠭ᠋ᠠᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠲᠣᠭ᠋ᠠᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠣᠯᠤᠭᠰᠠᠨ ᠦᠷ᠎ᠡ ᠪᠦᠲᠦᠮᠵᠢ ᠵᠢ ᠨᠤᠲᠠᠯᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠥᠷ ᠮᠣᠩᠭᠣᠯ᠎ᠤᠨ᠎ᠬᠢᠨ ᠲᠤᠰ ᠪᠡᠶ᠎ᠡ ᠵᠢᠨ ᠳᠠᠪᠠᠭᠤᠯᠢᠭ ᠵᠶ᠋ᠠᠨ ᠦᠷᠭᠦᠯᠵᠢᠯᠡᠨ ᠪᠠᠳᠠᠷᠠᠭᠤᠯᠵᠤ᠂ ᠪᠦᠬᠦ ᠤᠯᠤᠰ᠎ᠤᠨ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠦᠢ᠍ᠯᠡᠰ᠎ᠲᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠪᠡ᠃