ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2024-03-04

 
     ᠨᠡᠶ᠋ᠢᠭᠡᠮ ᠳᠠᠶᠠᠭ᠋ᠠᠷ᠎ᠤᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠪᠠᠨ ᠨᠢᠭᠡᠳᠦᠭᠡᠷ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠰᠠᠶ᠋ᠢᠲᠤᠷ ᠬᠢᠬᠦ ᠵᠢᠨ ᠲᠥᠯᠥᠭᠡ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ 《ᠬᠡᠭᠡᠷ᠎ᠡ ᠵᠢᠨ ᠠᠮᠢᠲᠠᠨ ᠤᠷᠭᠤᠮᠠᠯ᠎ᠤᠨ ᠣᠶᠤᠨᠴᠢ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠬᠤ》᠎ᠪᠠᠷ ᠭᠤᠤᠯ ᠰᠡᠳᠦᠪ ᠪᠣᠯᠭ᠋ᠠᠭᠰᠠᠨ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ᠃ ᠡᠯ᠎ᠡ ᠭᠠᠵᠠᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ 《ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠬᠤ᠂ ᠣᠯᠠᠨ ᠬᠡᠯᠪᠡᠷᠢ᠎ᠲᠠᠢ᠂ ᠡᠯᠪᠡᠭ ᠠᠭᠤᠯᠭ᠎ᠠ᠎ᠲᠠᠢ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ》 ᠵᠠᠷᠴᠢᠮ ᠶᠣᠰᠣᠭ᠋ᠠᠷ᠂ 《ᠬᠡᠭᠡᠷ᠎ᠡ ᠵᠢᠨ ᠠᠮᠢᠲᠠᠨ ᠤᠷᠭᠤᠮᠠᠯ᠎ᠢ ᠣᠶᠤᠨᠴᠢ ᠬᠠᠮᠠᠭ᠋ᠠᠯᠠᠯᠳᠠ ᠵᠢᠨ ᠰᠢᠰᠲᠸᠮ᠎ᠢ ᠪᠠᠶ᠋ᠢᠭᠤᠯᠬᠤ》 ᠠᠵᠢᠯᠯᠠᠭ᠎ᠠ ᠵᠢᠨ ᠭᠤᠤᠯ ᠰᠡᠳᠦᠪ᠎ᠤᠨ ᠲᠣᠭᠣᠷᠢᠨ᠎ᠳᠤ᠂ ᠣᠯᠠᠨ ᠠᠷᠭ᠎ᠠ ᠵᠠᠮ᠂ ᠣᠯᠠᠨ ᠶᠠᠩᠵᠤ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠬᠦᠯᠦᠨ᠎ᠡ᠃
     ᠨᠢᠭᠡ᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠤᠬᠠᠭᠤᠯᠭ᠎ᠠ ᠵᠢᠨ ᠭᠤᠤᠯ ᠰᠡᠳᠦᠪ᠎ᠤᠨ ᠲᠣᠭᠣᠷᠢᠨ᠎ᠳᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠣᠨᠴᠠᠯᠢᠭ᠎ᠲᠠᠢ᠂ ᠰᠢᠨ᠎ᠡ ᠡᠭᠦᠳᠦᠯᠲᠡ᠎ᠲᠠᠢ᠂ ᠪᠣᠳᠠᠲᠤ ᠦᠷ᠎ᠡ ᠪᠦᠲᠦᠮᠵᠢ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠶ᠃ ᠬᠣᠶᠠᠷ᠎ᠲᠤ᠂ ᠠᠵᠢᠯ᠎ᠤᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠵᠤ᠂ ᠣᠯᠠᠨ ᠲᠠᠯ᠎ᠠ ᠵᠢᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠣᠯᠠᠨ ᠲᠠᠯ᠎ᠠ ᠵᠢᠨ ᠬᠦᠴᠦᠨ᠎ᠢ ᠳᠠᠶ᠋ᠢᠴᠢᠯᠠᠵᠤ᠂ ᠣᠯᠠᠨ ᠵᠦᠢ᠍ᠯ᠎ᠤᠨ ᠲᠠᠪᠴᠠᠩ᠎ᠢ ᠠᠰᠢᠭᠯᠠᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠵᠢᠨ ᠠᠵᠢᠯᠯᠠᠭ᠎ᠠ ᠵᠢ ᠬᠥᠭᠵᠢᠶᠡᠨ᠎ᠲᠠᠢ᠂ ᠥᠷᠭᠡᠴᠡ᠎ᠲᠠᠢ᠂ ᠭᠦᠨᠴᠡ᠎ᠲᠠᠢ ᠪᠠᠶ᠋ᠢᠯᠭ᠋ᠠᠬᠤ᠎ᠪᠠᠷ ᠴᠢᠷᠮᠠᠶ᠋ᠢᠬᠤ ᠬᠡᠷᠡᠭᠲᠡᠶ᠃ ᠭᠤᠷᠪᠠ᠎ᠳᠤ᠂ ᠤᠬᠠᠭᠤᠯᠭ᠎ᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠰᠢᠨ᠎ᠡ ᠵᠠᠭᠤᠴᠢᠯᠠᠭᠤᠷ᠎ᠢ ᠢᠳᠡᠪᠬᠢᠲᠡᠶ ᠰᠠᠶ᠋ᠢᠲᠤᠷ ᠠᠰᠢᠭᠯᠠᠵᠤ᠂ ᠣᠬᠣᠷ ᠸᠢᠳᠢᠣ᠋᠂ ᠺᠠᠷᠲ᠋ᠣᠨ ᠵᠢᠷᠤᠭ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ᠂ ᠣᠯᠠᠨ ᠬᠠᠷᠠᠭ᠋ᠠᠰᠤ᠎ᠠᠴᠠ᠂ ᠭᠦᠨ ᠳᠠᠪᠬᠤᠷᠭ᠎ᠠ ᠵᠢᠨ᠂ ᠬᠠᠨᠳᠤᠯᠭ᠋ᠠᠲᠤ ᠴᠢᠨᠠᠷᠲᠠᠶ᠎ᠪᠠᠷ ᠤᠬᠠᠭᠤᠯᠭ᠎ᠠ ᠬᠢᠨ᠎ᠠ᠃ ᠡᠯ᠎ᠡ ᠭᠠᠵᠠᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠵᠣᠬᠢᠴᠠᠭᠤᠯᠤᠨ ᠵᠢᠯᠣᠭᠣᠳᠬᠤ ᠦᠢ᠍ᠯᠡᠳᠦᠯ ᠵᠶ᠋ᠠᠨ ᠢᠳᠡᠪᠬᠢᠲᠡᠶ ᠪᠠᠳᠠᠷᠠᠭᠤᠯᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠡᠶ᠋ᠢᠭᠡᠮ ᠨᠡᠶ᠋ᠢᠲᠡ᠎ᠳᠤ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠮᠡᠳᠡᠯᠭᠡ ᠵᠢ ᠲᠦᠭᠡᠮᠡᠯᠵᠢᠭᠦᠯᠵᠦ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠭᠤᠸ᠎ᠠ ᠰᠠᠶ᠋ᠢᠬᠠᠨ᠎ᠢ ᠬᠠᠷᠠᠭᠤᠯᠬᠤ ᠬᠡᠷᠡᠭᠲᠡᠶ᠃ ᠡᠭᠦᠨ᠎ᠤ ᠬᠠᠮᠲᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠢᠳᠡᠪᠬᠢᠲᠡᠶ ᠠᠩᠬᠠᠷᠴᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠡᠶ᠎ᠡ ᠵᠣᠬᠢᠴᠠᠯ᠎ᠲᠠᠢ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠤᠷᠢᠶᠠᠯᠠᠵᠤ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠴᠢᠬᠤᠯᠠ ᠡᠪᠡᠰᠦᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠣᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠠᠵᠤ ᠠᠬᠤᠶ᠋ᠢᠯᠠᠯ᠎ᠯᠤᠭ᠎ᠠ 2024 ᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠡᠪᠡᠰᠦᠨ ᠦᠷ᠎ᠡ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ 2024 ᠣᠨ᠎ᠤ 《ᠤᠮᠠᠷᠠᠲᠤ ᠵᠢᠨ ᠭᠤᠷᠪᠠᠨ ᠤᠷᠤᠨ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠡᠳ᠋ ᠪᠣᠳᠠᠰ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠪᠠᠷ ᠪᠤᠢ᠃
2023 ᠣᠨ᠎ᠳᠤ ᠮᠠᠨ᠎ᠤ ᠤᠯᠤᠰ 1.25 ᠳ᠋ᠦᠩᠰᠢᠭᠤᠷ ᠮᠦ᠍ ᠡᠪᠡᠰᠦ ᠲᠠᠷᠢᠵᠤ ᠤᠢ᠌ᠵᠢᠭᠤᠯᠪᠠ
ᠪᠦᠬᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶ᠋ᠢᠴᠢᠨ ᠬᠤᠷᠠᠯ᠎ᠢ ᠡᠷᠭᠢᠯᠡᠵᠠᠢ
ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠸᠠᠩ ᠭᠤᠸᠠᠨ ᠼᠦᠩ ᠭᠠᠵᠠᠷ᠎ᠤᠨ ᠳᠠᠷᠤᠭ᠎ᠠ ᠨᠠᠷ ᠮᠠᠨ᠎ᠤ ᠣᠷᠣᠨ᠎ᠤ ᠬᠢᠩᠭ᠋ᠠᠨ ᠠᠶ᠋ᠢᠮᠠᠭ᠂ ᠲᠦᠩᠯᠢᠶᠣᠤ ᠬᠤᠳᠠ᠎ᠳᠤ ᠬᠦᠷᠴᠦ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠶ᠋ᠢᠴᠠᠭ᠋ᠠᠨ ᠰᠢᠨᠵᠢᠯᠡᠪᠡ
 
             蒙ICP备05000248号