ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠲᠤᠭᠤᠯᠬᠤ ᠲᠤᠭᠤᠷᠢᠯ ᠵᠠᠮ᠎ᠤᠨ ᠠᠶᠠᠯᠠᠯ᠎ᠤᠨ ᠱᠤᠭᠤᠮ᠎ᠢ ᠲᠦᠯᠥᠪᠵᠢᠬᠦᠯᠪᠡ
ᠨᠡᠶ᠋ᠢᠲᠡᠯᠡᠭᠰᠡᠨ ᠴᠠᠭ᠄ 2024-04-01

 
  
    3 ᠰᠠᠷ᠎ᠠ ᠵᠢᠨ 10᠎ᠤ ᠡᠳᠦᠷ᠂ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠲᠤᠭᠤᠯᠬᠤ ᠲᠣᠭᠤᠷᠢᠯ ᠵᠠᠮ᠎ᠤᠨ ᠠᠶᠠᠯᠠᠯ᠎ᠤᠨ ᠵᠠᠷᠢᠯᠴᠠᠬᠤ ᠬᠤᠷᠠᠯ ᠲᠤᠯᠤᠨ ᠨᠤᠤᠷ ᠰᠢᠶᠠᠨ᠎ᠳᠤ ᠬᠤᠷᠠᠯᠳᠤᠪᠠ᠃ ᠶᠠᠷᠢᠯᠴᠠᠬᠤ ᠬᠤᠷᠠᠯ ᠳᠡᠭᠡᠷ᠎ᠡ ᠴᠠᠩ ᠴᠧᠩ᠂ ᠪᠡᠭᠡᠵᠢᠩ ᠮᠠᠰᠢᠨ ᠲᠡᠷᠭᠡ ᠵᠡᠷᠭᠡ ᠬᠡᠭᠡᠷᠡᠯᠡᠨ ᠠᠶᠠᠯᠠᠬᠤ ᠮᠠᠰᠢᠨ ᠲᠡᠷᠭᠡᠨ᠎ᠤ ᠨᠠᠷᠠᠲᠤ ᠲᠡᠮᠳᠡᠭᠲᠦ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠣᠯᠣᠨ ᠤᠯᠤᠰ᠎ᠤᠨ ᠳᠣᠲᠣᠭ᠋ᠠᠳᠤ ᠵᠢᠨ ᠬᠡᠬᠡᠷᠡᠯᠡᠨ ᠠᠶᠠᠯᠠᠬᠤ ᠮᠠᠰᠢᠨ ᠲᠡᠷᠭᠡᠨ᠎ᠤ ᠺᠯᠦ᠋ᠪ᠎ᠤᠨ ᠬᠠᠷᠢᠭᠤᠴᠠᠯᠭ᠋ᠠᠲᠠᠨ᠎ᠢ ᠤᠷᠢᠵᠤ᠂ ᠭᠤᠣᠯᠳᠠᠭᠤ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠲᠤᠭᠤᠯᠬᠤ ᠲᠣᠭᠤᠷᠢᠯ ᠵᠠᠮ᠎ᠤᠨ ᠲᠥᠯᠦᠪᠵᠢᠭᠦᠯᠭᠡ ᠵᠢᠨ ᠪᠠᠶ᠋ᠢᠳᠠᠯ ᠪᠣᠯᠣᠨ ᠲᠥᠯᠥᠪᠯᠡᠭᠡ ᠵᠢᠨ ᠲᠣᠭᠤᠷᠢᠨ᠎ᠳᠤ ᠶᠠᠷᠢᠯᠴᠠᠭ᠎ᠠ ᠦᠷᠨᠢᠬᠦᠯᠪᠡ᠃ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠲᠤᠭᠤᠯᠬᠤ ᠲᠣᠭᠤᠷᠢᠯ ᠵᠠᠮ᠎ᠳᠤ 1 ᠭᠤᠣᠯ ᠱᠤᠭᠤᠮ᠂ 1 ᠶᠡᠭᠡ ᠲᠣᠭᠤᠷᠢᠯ ᠵᠠᠮ᠂ 6 ᠵᠢᠵᠢᠭ ᠲᠣᠭᠤᠷᠢᠯ ᠵᠠᠮ ᠪᠠᠭᠲᠠᠨ᠎ᠠ᠃

    6 ᠵᠤᠷᠪᠤᠰ ᠵᠢᠵᠢᠭ ᠲᠣᠭᠤᠷᠢᠯ ᠵᠠᠮ᠎ᠨᠢ ᠲᠣᠰ ᠲᠣᠰ ᠳᠣᠯᠣᠨ ᠨᠤᠤᠷ ᠰᠢᠶᠠᠨ᠎ᠤ ᠲᠣᠭᠤᠷᠢᠯ ᠵᠠᠮ᠂ ᠰᠢᠯᠤᠭᠤᠨ ᠬᠥᠬᠡ ᠬᠤᠰᠢᠭᠤᠨ᠎ᠤ ᠲᠣᠭᠤᠷᠢᠯ ᠵᠠᠮ᠂ ᠰᠥᠨᠢᠳ ᠵᠡᠭᠦᠨ ᠬᠤᠰᠢᠭᠤᠨ᠎ᠤ ᠤᠯᠠᠠᠨᠠᠭᠤᠷ᠎ᠤᠨ ᠲᠣᠭᠤᠷᠢᠯ ᠵᠠᠮ᠂ ᠰᠢᠯᠢ ᠵᠢᠨ ᠬᠤᠲᠠ ᠵᠢᠨ ᠲᠣᠭᠤᠷᠢᠯ ᠵᠠᠮ᠂ ᠰᠢᠯᠤᠭᠤᠨ ᠬᠥᠬᠡ ᠬᠤᠰᠢᠭᠤ — ᠠᠪᠠᠭ᠎ᠠ ᠬᠤᠰᠢᠭᠤ — ᠰᠥᠨᠢᠳ ᠵᠡᠭᠦᠨ ᠬᠤᠰᠢᠭᠤ — ᠰᠢᠯᠤᠭᠤᠨ ᠬᠥᠬᠡ ᠬᠤᠰᠢᠭᠤᠨ᠎ᠤ ᠲᠣᠭᠤᠷᠢᠯ ᠵᠠᠮ᠂ ᠲᠠᠶ᠋ᠢᠹᠦᠰᠧ ᠬᠤᠰᠢᠭᠤ — ᠰᠢᠯᠤᠭᠤᠨ ᠬᠥᠪᠡᠭᠡᠲᠦ ᠴᠠᠭ᠋ᠠᠨ ᠬᠤᠰᠢᠭᠤ — ᠲᠠᠶ᠋ᠢᠹᠦᠰᠧ ᠬᠤᠰᠢᠭᠤᠨ᠎ᠤ ᠲᠣᠭᠤᠷᠢᠯ ᠵᠠᠮ ᠪᠣᠯᠣᠨ᠎ᠠ᠃

     ᠡᠨᠡ ᠵᠢᠯ᠂ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠲᠤᠭᠤᠯᠬᠤ ᠲᠣᠭᠤᠷᠢᠯ ᠵᠠᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠤᠨ ᠲᠡᠰ ᠲᠡᠪᠰᠢᠬᠦᠯᠬᠦ ᠱᠠᠲᠤᠨ᠎ᠳᠤ ᠣᠷᠣᠵᠤ᠂ ᠮᠠᠨ᠎ᠤ ᠠᠶ᠋ᠢᠮᠠᠭ ᠬᠤᠪᠢ᠎ᠪᠠᠷ ᠵᠶ᠋ᠠᠨ ᠲᠡᠷᠭᠡ ᠵᠢᠯᠣᠭᠤᠳᠤᠨ ᠠᠶᠠᠯᠠᠬᠤ ᠵᠢᠭᠤᠯᠴᠢᠯᠠᠭᠰᠠᠳ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ ᠰᠠᠭᠤᠷᠢ ᠲᠥᠬᠦᠭᠡᠷᠦᠮᠵᠢ ᠵᠢ ᠲᠡᠭᠦᠯᠳᠡᠷᠵᠢᠭᠦᠯᠬᠦ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢ ᠨᠢᠭᠡᠳᠦᠯᠲᠡᠢ ᠲᠥᠯᠥᠪᠵᠢᠭᠦᠯᠵᠦ᠂ ᠵᠣᠷᠯᠣᠩ᠂ ᠲᠡᠷᠭᠡᠨ ᠵᠣᠭᠰᠣᠭ᠋ᠠᠯ ᠵᠢᠴᠢ ᠢᠯᠡᠳᠬᠡᠮᠵᠢ ᠲᠡᠮᠳᠡᠭ᠎ᠤᠨ ᠰᠢᠰᠲ᠋ᠧᠮ ᠵᠡᠷᠭᠡ ᠰᠠᠭᠤᠷᠢ ᠲᠥᠬᠦᠭᠡᠷᠦᠮᠵᠢ ᠵᠢ ᠳᠡᠭᠡᠭᠰᠢᠯᠡᠭᠦᠯᠬᠦ ᠶᠡᠷᠦᠩᠬᠡᠶ᠋ᠢᠯᠡᠭᠰᠡᠨ ᠳᠦᠷᠦᠯ ᠵᠦᠢ᠍ᠯ᠎ᠢ ᠬᠡᠷᠡᠭᠵᠢᠭᠦᠯᠵᠦ᠂ ᠵᠠᠮ ᠬᠠᠷᠢᠯᠴᠠᠭ᠋ᠠᠨ᠎ᠤ ᠠᠪᠤᠷᠠᠨ ᠲᠤᠰᠠᠯᠠᠬᠤ ᠪᠠᠶ᠋ᠢᠭᠤᠯᠤᠮᠵᠢ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ ᠪᠦᠷᠢᠨᠰᠢᠭᠦᠯᠵᠦ᠂ ᠪᠦᠷᠢᠨ ᠲᠥᠬᠦᠷ  ᠡᠯᠸᠺᠲᠷᠣᠨ ᠭᠠᠵᠠᠷ᠎ᠤᠨ ᠵᠢᠷᠤᠭ ᠵᠢᠴᠢ ᠵᠢᠯᠤᠭᠤᠳᠤᠮᠵᠢ ᠵᠢ ᠦᠢ᠍ᠯᠡᠳᠴᠦ᠂ ᠭᠤᠤ ᠳ᠋ᠧ᠂ ᠪᠠᠢ᠎ᠳᠤ᠂ ᠲᠧᠩ ᠰᠢᠶᠦ᠋ᠨ ᠵᠡᠷᠭᠡ ᠭᠠᠵᠠᠷ᠎ᠤᠨ ᠵᠢᠷᠤᠭ᠎ᠤᠨ ᠡᠯᠸᠺᠲᠷᠣᠨ ᠵᠠᠮᠴᠢᠯᠠᠯᠲᠠ ᠵᠢᠨ ᠱᠤᠭᠤᠮ ᠵᠡᠷᠭᠡ ᠵᠢ ᠦᠢ᠍ᠯᠡᠳᠬᠦ᠎ᠪᠠᠷ ᠪᠤᠢ᠃

     ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ ᠰᠦᠨ ᠮᠦ᠍ ᠶᠧ ᠳᠠᠳᠤᠯᠭ᠎ᠠ ᠵᠢᠨ ᠰᠤᠷᠪᠤᠯᠵᠢᠯᠠᠭᠴᠢ ᠵᠠᠩ ᠽᠢ ᠸᠧᠨ
    

  

ᠢᠷᠡᠯᠲᠡ᠄ ᠰᠢᠯᠢ ᠵᠢᠨ ᠭᠤᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠰᠢᠨ᠎ᠡ ᠰᠢᠯᠢᠳᠡᠭ ᠡᠭᠦᠯᠳᠡᠷ ᠨᠡᠢ᠌ᠲᠡᠯᠡᠭᠳᠡᠪᠡ
ᠪᠡᠯᠴᠢᠭᠡᠷ᠎ᠢ ᠠᠮᠠᠷᠠᠭᠤᠯᠬᠤ ᠲᠦᠷᠢᠮ᠎ᠢ ᠴᠢᠩᠭ᠎ᠠ ᠬᠡᠷᠡᠭᠵᠢᠭᠦᠯᠵᠦ ᠨᠤᠲᠤᠭ ᠪᠡᠯᠴᠢᠭᠡᠷ᠎ᠢ ᠠᠮᠤᠷᠵᠢᠭᠤᠯᠤᠨ ᠰᠡᠷᠭᠦᠭᠡᠬᠦ ᠵᠢ ᠠᠬᠢᠭᠤᠯᠤᠨ᠎ᠠ
ᠡᠨᠡ ᠬᠠᠪᠤᠷ 9.7 ᠳ᠋ᠦᠩᠰᠢᠭᠤᠷ ᠮᠤ᠌ ᠨᠤᠳᠤᠭ ᠪᠡᠯᠴᠢᠭᠡᠷ᠎ᠲᠤ ᠪᠡᠯᠴᠢᠬᠡᠷᠯᠡᠬᠦᠯᠬᠦ ᠵᠢ ᠵᠤᠬᠰᠤᠭ᠋ᠠᠨ᠎ᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠲᠢᠶᠸ ᠨᠢᠤ ᠬᠥᠬᠡᠬᠣᠲᠠ ᠵᠢᠨ ᠬᠠᠩᠰᠢ ᠵᠢᠨ ᠬᠤᠭᠤᠴᠠᠭ᠋ᠠᠨ᠎ᠳᠠᠬᠢ ᠣᠢ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠬᠢᠨᠠᠨ ᠪᠠᠶ᠋ᠢᠴᠠᠭ᠋ᠠᠪᠠ
ᠮᠠᠨ᠎ᠤ ᠤᠯᠤᠰ ᠭᠤᠷᠪᠠᠨ ᠲᠠᠯ᠎ᠠ ᠵᠢᠨ ᠠᠷᠭ᠎ᠠ ᠪᠠᠷᠢᠯ ᠵᠶ᠋ᠠᠷ ᠬᠥᠬᠡᠮᠥ᠋ᠷᠡᠨ᠎ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠥᠷᠰᠦ ᠵᠢ ᠬᠠᠮᠠᠭ᠋ᠠᠯᠠᠬᠤ᠎ᠪᠠᠷ ᠪᠣᠶ
 
             蒙ICP备05000248号