ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-15


    4 ᠰᠠᠷ᠎ᠠ ᠵᠢᠨ 15᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠡᠷᠦᠩᠬᠡᠶ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠲᠣᠪᠴᠢᠶ᠎ᠠ ᠵᠢᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠡᠳ᠋ ᠳᠤᠭᠤᠢ᠌ᠯᠠᠩ᠎ᠤᠨ ᠳᠠᠷᠤᠭ᠎ᠠ ᠹᠦ᠋ ᠭᠦᠸᠧ ᠵᠥᠩ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠳᠤᠷᠢᠳᠤᠯᠭ᠎ᠠ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ ᠬᠡᠷ ᠪᠣᠯᠤᠨ ᠡᠯ᠎ᠡ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃
     ᠬᠤᠷᠠᠯ᠎ᠠᠴᠠ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠶ᠋ᠢᠷᠡᠭᠦᠯᠬᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠤᠱᠯᠠᠭᠤᠯᠬᠤ ᠬᠡᠷᠡᠭᠲᠡᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠢ ᠪᠠᠲᠤ ᠡᠵᠡᠮᠳᠡᠬᠦ ᠬᠡᠷᠡᠭᠲᠡᠶ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ ᠪᠠ ᠰᠢᠨ᠎ᠡ ᠵᠠᠮ ᠨᠡᠭᠡᠭᠡᠬᠦ᠎ᠲᠠᠢ ᠨᠢᠭᠲᠠ ᠤᠶᠠᠯᠳᠤᠭᠤᠯᠤᠨ᠎ᠠ᠂ ᠳᠤᠮᠳᠠ  ᠲᠦᠪᠰᠢᠨ᠎ᠳᠤ ᠣᠷᠣᠬᠤ ᠲᠡᠮᠡᠴᠡᠯ᠎ᠤᠨ ᠬᠠᠷᠠᠯᠲᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠬᠤ ᠬᠡᠷᠡᠭᠲᠡᠶ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ᠎ᠲᠠᠢ ᠤᠶᠠᠯᠳᠤᠭᠤᠯᠤᠨ᠎ᠠ᠂ ᠣᠨ᠎ᠤ ᠭᠤᠤᠯᠳᠠᠯᠭ᠎ᠠ᠎ᠲᠠᠢ ᠡᠭᠦᠷᠭᠡ ᠵᠢ ᠰᠠᠶ᠋ᠢᠲᠤᠷ ᠠᠳᠬᠤᠬᠤ᠎ᠲᠠᠢ ᠤᠶᠠᠯᠳᠤᠭᠤᠯᠬᠤ ᠬᠡᠷᠡᠭᠲᠡᠶ᠂ 《ᠴᠢᠩᠭ᠎ᠠ》 ᠪᠠ 《ᠪᠣᠳᠠᠲᠠᠢ》 ᠪᠠᠶ᠋ᠢᠬᠤ ᠰᠤᠷᠲᠠᠯ᠎ᠢ ᠢᠮᠠᠭᠲᠠ ᠲᠤᠤᠱᠯᠠᠭᠤᠯᠬᠤ ᠬᠡᠷᠡᠭᠲᠡᠢ᠂ ᠬᠦᠮᠦᠵᠢᠬᠦᠯᠦᠯ ᠵᠶ᠋ᠡᠷ ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠬᠤ᠂ ᠺᠠᠳ᠋ᠷᠴᠤᠳ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ ᠪᠠ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠬᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠦᠨᠡᠨ ᠬᠦ᠌ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠶ᠃
     ᠬᠤᠷᠠᠯ᠎ᠠᠴᠠ᠂ ᠥᠨᠳᠥᠷ ᠪᠠᠷᠢᠮᠵᠢᠶ᠎ᠠ ᠴᠢᠩᠭ᠎ᠠ ᠱᠠᠭ᠋ᠠᠷᠳᠠᠯᠭ᠎ᠠ᠎ᠪᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠬᠦ ᠬᠡᠷᠡᠭᠲᠡᠢ᠃ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯ ᠤᠯᠤᠰ ᠲᠥᠷᠥ ᠵᠢᠨ ᠪᠠᠶ᠋ᠢᠭᠤᠯᠭ᠎ᠠ ᠮᠥᠨ᠂ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ  ᠰᠢᠢ᠍ᠳᠪᠦᠷᠢᠲᠤ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠨᠢᠭᠡᠳᠦᠭᠡᠷ ᠵᠢᠭᠰᠠᠭ᠋ᠠᠯ᠎ᠤᠨ ᠭᠠᠵᠠᠷ ᠮᠥᠨ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷᠴᠤᠳ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠨᠠᠩ ᠥᠨᠳᠥᠷ ᠪᠠᠷᠢᠮᠵᠢᠶ᠎ᠠ ᠵᠢᠴᠢ ᠱᠠᠭ᠋ᠠᠷᠳᠠᠯᠭ᠎ᠠ ᠵᠢ ᠪᠠᠷᠢᠮᠲᠠᠯᠠᠵᠤ᠂ ᠭᠦᠨᠵᠡᠭᠡᠶ ᠰᠤᠷᠤᠯᠴᠠᠵᠤ᠂ ᠤᠬᠠᠮᠰᠠᠷ᠎ᠠᠴᠠ᠎ᠪᠠᠨ ᠨᠠᠮ᠎ᠤᠨ ᠰᠠᠬᠢᠯᠭ᠎ᠠ ᠪᠠᠲᠤ ᠵᠢ ᠵᠢᠷᠤᠮᠯᠠᠨ ᠬᠠᠮᠠᠭ᠋ᠠᠯᠠᠬᠤ ᠲᠠᠯ᠎ᠠ᠎ᠪᠠᠷ ᠰᠢᠨ᠎ᠡ ᠳᠡᠭᠡᠭᠰᠢᠯᠡᠯᠲᠡ ᠭᠠᠷᠭ᠋ᠠᠬᠤ᠎ᠪᠠᠷ ᠴᠢᠷᠮᠠᠶ᠋ᠢᠬᠤ ᠬᠡᠷᠡᠭᠲᠡᠶ᠃ ᠬᠡᠷᠡᠭ᠎ᠤᠨ ᠵᠢᠱ᠌ᠢᠶ᠎ᠡ᠎ᠪᠠᠷ ᠶᠤᠰᠤ ᠳᠦᠷᠢᠮ᠂ ᠰᠠᠬᠢᠯᠭ᠎ᠠ ᠪᠠᠲᠤ᠂ ᠬᠠᠤᠯᠢ ᠳᠦᠷᠢᠮ᠂ ᠬᠠᠷᠢᠭᠤᠴᠠᠯᠭ᠎ᠠ ᠵᠢ ᠲᠤᠰᠬᠠᠬᠤ ᠠᠵᠢᠯᠯᠠᠭ᠎ᠠ ᠵᠢ ᠥᠷᠨᠢᠭᠦᠯᠵᠦ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠠ ᠵᠢᠨ ᠠᠰᠠᠭᠤᠳᠠᠯ᠂ ᠰᠢᠯᠲᠠᠭ᠋ᠠᠨ᠂  ᠦᠷ᠎ᠡ ᠳ᠋ᠦᠩ ᠵᠢᠴᠢ ᠰᠤᠷᠭ᠋ᠠᠮᠵᠢ ᠵᠢ ᠲᠣᠳᠣᠷᠬᠠᠢ ᠶᠠᠷᠢᠵᠤ᠂ ᠶᠣᠰᠣ ᠰᠤᠷᠲᠠᠬᠤᠨ᠎ᠤ ᠰᠡᠷᠭᠡᠶ᠋ᠢᠯᠡᠯᠲᠡ ᠵᠢᠨ ᠱᠤᠭᠤᠮ᠂ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ᠂ ᠬᠠᠷᠢᠭᠤᠴᠠᠯᠭ᠎ᠠ ᠵᠢᠨ ᠵᠠᠭ᠋ᠠᠭ ᠱᠤᠭᠤᠮ᠎ᠢ ᠲᠣᠳᠣᠷᠬᠠᠢ ᠶᠠᠷᠢᠵᠤ᠂ ᠰᠡᠷᠡᠮᠵᠢᠯᠡᠭᠦᠯᠦᠨ ᠰᠦᠷᠳᠡᠭᠦᠯᠬᠦ ᠦᠢ᠍ᠯᠡᠳᠦᠯ᠎ᠢ ᠴᠢᠩᠭ᠋ᠠᠳᠬᠠᠵᠤ᠂ ᠨᠠᠮ᠎ᠤᠨ ᠭᠡᠰᠢᠭᠦᠨ᠂ ᠺᠠᠳ᠋ᠷ ᠬᠤᠷᠴᠠ ᠰᠡᠷᠭᠡᠭ ᠪᠠᠢ᠌ᠵᠤ᠂ ᠦᠵᠡᠯ ᠪᠤᠳᠤᠯ ᠦᠢ᠍ᠯᠡ ᠠᠵᠢᠯᠯᠠᠭ᠎ᠠ ᠲᠦᠪ ᠴᠢᠭᠴᠢ ᠪᠠᠢ᠌ᠬᠤ ᠬᠡᠷᠡᠭᠳᠡᠢ᠃
      ᠬᠤᠷᠠᠯ᠎ᠠᠴᠠ᠂ ᠵᠣᠬᠢᠶᠠᠨ ᠪᠠᠶ᠋ᠢᠭᠤᠯᠵᠤ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ ᠬᠡᠷᠡᠭᠲᠡᠢ᠃ ᠨᠢᠭᠡ᠎ᠳᠤ ᠤᠯᠤᠰ ᠲᠥᠷᠥ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠬᠡᠷᠡᠭᠲᠡᠶ᠃ ᠡᠯ᠎ᠡ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ ᠪᠣᠯᠤᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠨ ᠠᠳᠬᠤᠵᠤ᠂ ᠨᠠᠷᠢᠨ ᠨᠢᠮᠪᠠᠢ ᠵᠣᠬᠢᠶᠠᠨ ᠪᠠᠶ᠋ᠢᠭᠤᠯᠵᠤ᠂ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠬᠤ ᠬᠡᠷᠡᠭᠲᠡᠢ᠃ ᠬᠣᠶᠠᠷ᠎ᠲᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠵᠢ ᠰᠠᠶ᠋ᠢᠲᠤᠷ ᠠᠳᠬᠤᠬᠤ ᠬᠡᠷᠡᠭᠲᠡᠢ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠪᠣᠯᠤᠨ ᠰᠢᠭᠤᠳ ᠬᠠᠷᠢᠶ᠎ᠠ ᠨᠢᠭᠡᠴᠢ ᠵᠢᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠨᠠᠮ᠎ᠤᠨ ᠪᠠᠶ᠋ᠢᠭᠤᠯᠤᠯᠲᠠ ᠵᠢᠨ ᠬᠠᠷᠢᠯᠴᠠᠬᠤ ᠴᠡᠭ᠎ᠲᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠴᠤ᠂ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ ᠬᠠᠷᠢᠶᠠᠨ᠎ᠳᠠᠬᠢ ᠨᠠᠮ᠎ᠤᠨ ᠡᠭᠦᠷ᠎ᠤᠨ ᠵᠶ᠋ᠠᠨ ᠠᠵᠢᠯ᠎ᠢ ᠵᠢᠯᠣᠭᠣᠳᠬᠤ ᠡᠷᠴᠢᠮ ᠵᠶ᠋ᠠᠨ ᠴᠢᠩᠭ᠋ᠠᠷᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠪᠣᠭᠣᠮᠲᠠ ᠵᠢ ᠴᠢᠩᠭ᠎ᠠ ᠰᠠᠬᠢᠵᠤ᠂ ᠡᠨᠳᠡᠭᠦᠦ ᠪᠤᠷᠤᠭᠤ ᠭᠠᠷᠬᠤ ᠵᠢ ᠰᠡᠷᠭᠡᠶ᠋ᠢᠯᠡᠬᠦ ᠬᠡᠷᠡᠭᠲᠡᠢ᠃ ᠭᠤᠷᠪᠠ᠎ᠳᠤ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠲᠠᠢ ᠨᠢᠭᠲᠠ ᠤᠶᠠᠯᠳᠤᠭᠤᠯᠵᠤ᠂ ᠨᠠᠵᠠᠭ᠋ᠠᠶ᠎ᠪᠠᠷ ᠬᠠᠨᠳᠤᠬᠤ᠂ ᠬᠠᠰᠢ ᠶᠠᠰᠢ᠎ᠪᠠᠷ ᠠᠷᠭ᠋ᠠᠴᠠᠬᠤ᠂ ᠬᠡᠯᠪᠡᠷᠢ ᠵᠢ᠎ᠨᠢ ᠥᠭᠡᠷᠡᠲᠦᠭᠦᠯᠬᠦ ᠵᠡᠷᠭᠡ ᠠᠰᠠᠭᠤᠳᠠᠯ᠎ᠢ ᠡᠷᠡᠰ ᠬᠣᠷᠢᠭᠯᠠᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠭ᠋ᠡᠵᠦ ᠴᠢᠬᠤᠯᠠᠴᠢᠯᠠᠪᠠ᠃
    ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠡᠭᠦᠷᠢᠳᠡ ᠵᠤᠬᠰᠤᠰᠢ ᠦᠭᠡᠢ ᠶᠤᠮ᠃ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠵᠦ᠂ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠂ ᠠᠮᠢ ᠠᠬᠤᠶ ᠣᠷᠴᠢᠨ ᠲᠣᠭᠣᠷᠢᠨ᠎ᠢ ᠰᠠᠶ᠋ᠢᠵᠢᠷᠠᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤᠳ᠎ᠤᠨ ᠠᠮᠤᠷ ᠲᠦᠪᠰᠢᠨ ᠵᠶ᠋ᠠᠷ ᠨᠡᠭᠦᠳᠡᠯᠯᠡᠬᠦ ᠵᠢ ᠬᠠᠮᠠᠭ᠋ᠠᠯᠠᠪᠠ
ᠲᠣᠪᠴᠢᠶᠠᠨ ᠳᠠᠷᠤᠭ᠎ᠠ ᠸᠠᠩ ᠵᠤᠤ ᠱᠧᠩ《ᠰᠢᠷᠭᠤᠯᠵᠢ ᠪᠦᠯᠦᠭᠯᠡᠯ》᠎ᠤᠨ ᠨᠡᠷ᠎ᠡ ᠬᠦᠨᠳᠦᠲᠦ ᠳᠡᠳ᠋ ᠶᠡᠷᠦᠩᠬᠡᠢ ᠵᠠᠬᠢᠷᠤᠭᠴᠢ᠂ ᠦᠷᠭᠦᠯᠵᠢᠯᠡᠬᠦ ᠬᠥᠭᠵᠢᠯᠲᠡ ᠵᠢᠨ ᠲᠡᠷᠢᠭᠦᠨ ᠲᠤᠰᠢᠶᠠᠯᠲᠠᠨ ᠫᠸᠩ ᠢ ᠵᠢᠶᠸ᠎ᠲᠠᠢ ᠠᠭᠤᠯᠵᠠᠪᠠ
ᠥᠪᠥᠷ ᠮᠣᠩᠭᠣᠯ 《4 . 15᠎ᠤ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠮᠡᠳᠡᠯᠭᠡ》 ᠵᠢᠨ ᠠᠰᠠᠭᠤᠯᠳᠠ ᠬᠠᠷᠢᠭᠤᠯᠲᠠ ᠵᠢᠨ ᠠᠵᠢᠯᠯᠠᠭ᠎ᠠ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ ᠶᠠᠷᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠤᠯᠤᠰ᠎ᠤᠨ ᠭᠤᠤᠯᠳᠠᠯᠭ᠎ᠠ᠎ᠲᠠᠢ ᠣᠶ ᠮᠣᠳᠣᠨ᠎ᠤ ᠰᠢᠯᠢᠳᠡᠭ ᠡᠭᠦᠯᠳᠡᠷ᠎ᠤᠨ ᠰᠠᠭᠤᠷᠢᠨ ᠭᠠᠵᠠᠷ ᠪᠠ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ 2024 ᠣᠨ᠎ᠤ ᠦᠢ᠍ᠯᠡᠳᠪᠦᠷᠢᠯᠡᠯ᠎ᠤᠨ ᠠᠵᠢᠯ᠎ᠤᠨ ᠵᠢᠷᠤᠭ ᠲᠥᠯᠥᠪᠯᠡᠭᠡ ᠵᠢ ᠬᠢᠨᠠᠨ ᠲᠣᠭᠲᠠᠭ᠋ᠠᠬᠤ ᠬᠤᠷᠠᠯ᠎ᠢ ᠬᠤᠷᠠᠯᠳᠤᠭᠤᠯᠪᠠ
 
             蒙ICP备05000248号