ᠡᠨᠡ ᠵᠢᠯ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠳᠤᠷᠠᠳᠤᠭᠰᠠᠨ 10 ᠵᠢᠯ᠎ᠤᠨ ᠤᠢ ᠪᠣᠯᠤᠨ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢᠨ ᠲᠤᠰᠠᠳᠠ᠂ 4 ᠰᠠᠷ᠎ᠠ ᠵᠢᠨ 15᠎ᠤ ᠶᠢᠰᠦᠳᠦᠭᠡᠷ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠢ ᠤᠭᠲᠤᠬᠤ ᠵᠢᠨ ᠲᠥᠯᠥᠭᠡ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠲᠥᠪ᠎ᠠᠴᠠ ᠤᠢ ᠰᠢᠭᠤᠢ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠢᠶ᠎ᠠ ᠪᠦᠬᠦᠢ ᠮᠡᠳᠡᠯᠭᠡ ᠵᠢᠨ ᠠᠰᠠᠭᠤᠯᠳᠠ ᠬᠠᠷᠢᠭᠤᠯᠲᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠶᠡᠷᠦᠩᠬᠡᠶ ᠥᠷᠲᠡᠭᠡ᠎ᠨᠢ ᠲᠣᠰ ᠤᠳᠠᠭ᠋ᠠᠨ᠎ᠤ ᠠᠰᠠᠭᠤᠯᠳᠠ ᠬᠠᠷᠢᠭᠤᠯᠲᠠ ᠵᠢᠨ ᠠᠵᠢᠯᠯᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠠᠶ᠋ᠢᠮᠠᠭ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠠᠵᠢᠯᠲᠠᠨ᠎ᠢ ᠵᠣᠬᠢᠶᠠᠨ ᠪᠠᠶ᠋ᠢᠭᠤᠯᠵᠤ᠂ ᠨᠡᠶ᠋ᠢᠭᠡᠮ ᠨᠡᠶ᠋ᠢᠲᠡ ᠵᠢ ᠥᠷᠭᠡᠨ ᠵᠶ᠋ᠠᠷ ᠳᠠᠶ᠋ᠢᠴᠢᠯᠠᠨ 4 ᠰᠠᠷ᠎ᠠ ᠵᠢᠨ 1᠎ᠤ ᠡᠳᠦᠷ᠎ᠠᠴᠠ 10᠎ᠤ ᠡᠳᠦᠷ ᠪᠣᠯᠲᠠᠯ᠎ᠠ᠂ 《4 . 15᠎ᠤ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠮᠡᠳᠡᠯᠭᠡ》 ᠵᠢᠨ ᠠᠰᠠᠭᠤᠯᠳᠠ ᠬᠠᠷᠢᠭᠤᠯᠲᠠ ᠵᠢᠨ ᠠᠵᠢᠯᠯᠠᠭ᠎ᠠ᠎ᠳᠤ ᠤᠷᠤᠯᠴᠠᠵᠤ᠂ ᠸᠢᠴᠠᠲ᠂ ᠴᠤᠤᠷᠢᠶ᠎ᠠ (抖音) ᠵᠡᠷᠭᠡ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ᠂ ᠢᠳᠡᠪᠬᠢᠲᠡᠶ ᠤᠬᠠᠭᠤᠯᠪᠠ᠃ ᠠᠵᠢᠯᠯᠠᠭ᠎ᠠ᠎ᠳᠤ 1200 ᠭᠠᠷᠤᠶ ᠬᠥᠮᠦᠨ ᠣᠷᠣᠯᠴᠠᠵᠤ᠂ 3400 ᠰᠢᠬᠠᠮ ᠬᠥᠮᠦᠨ ᠤᠳᠠᠭ᠎ᠠ ᠰᠡᠳᠦᠪ ᠬᠠᠷᠢᠭᠤᠯᠪᠠ᠃
ᠲᠣᠰ ᠤᠳᠠᠭ᠋ᠠᠨ᠎ᠤ ᠠᠰᠠᠭᠤᠯᠳᠠ ᠬᠠᠷᠢᠭᠤᠯᠲᠠ ᠵᠢᠨ ᠠᠵᠢᠯᠯᠠᠭ᠎ᠠ ᠵᠢᠨ ᠠᠭᠤᠯᠭ᠎ᠠ᠎ᠨᠢ ᠭᠤᠤᠯᠳᠠᠭᠤ 《ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠤᠯᠢ》᠂ 《ᠣᠶ ᠰᠢᠭᠤᠶ ᠵᠢᠨ ᠬᠠᠤᠯᠢ》᠂ 《ᠤᠷᠭᠤᠮᠠᠯ᠎ᠤᠨ ᠬᠢᠵᠢᠭ ᠪᠠᠶ᠋ᠢᠴᠠᠭ᠋ᠠᠬᠤ ᠲᠦᠷᠢᠮ》᠂ 《ᠲᠠᠷᠢᠶᠠᠨ ᠡᠮ᠎ᠢ ᠠᠮᠤᠷ ᠲᠦᠪᠰᠢᠨ ᠵᠶ᠋ᠠᠷ ᠬᠡᠷᠡᠭᠯᠡᠬᠦ ᠲᠦᠷᠢᠮ》᠂ 《ᠨᠠᠷᠠᠰᠤᠨ ᠮᠠᠲ᠋ᠧᠷᠢᠶᠠᠯ᠎ᠤᠨ ᠤᠲᠠᠰᠤᠯᠢᠭ ᠬᠣᠷᠣᠬᠠᠶ ᠵᠢᠨ ᠡᠪᠡᠳᠴᠢᠨ᠎ᠤ ᠬᠢᠵᠢᠭᠲᠦ ᠣᠷᠣᠨ ᠪᠠ ᠬᠢᠵᠢᠭᠲᠦ ᠮᠣᠳᠣᠨ᠎ᠤ ᠬᠠᠮᠢᠶᠠᠷᠤᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠣᠷᠢᠨ᠎ᠳᠤ ᠶᠠᠪᠤᠭᠳᠠᠪᠠ᠃ ᠲᠣᠰ ᠤᠳᠠᠭ᠋ᠠᠨ᠎ᠤ ᠠᠰᠠᠭᠤᠯᠳᠠ ᠬᠠᠷᠢᠭᠤᠯᠲᠠ ᠵᠢᠨ ᠠᠵᠢᠯᠯᠠᠭ᠎ᠠ᠎ᠳᠤ ᠣᠷᠣᠯᠴᠠᠬᠤ᠎ᠪᠠᠷ ᠳᠡᠮᠵᠢᠨ᠂ ᠲᠤᠬᠠᠶ᠋ᠢᠯᠠᠭᠰᠠᠨ ᠠᠵᠢᠯ᠎ᠤᠨ ᠠᠵᠢᠯᠲᠠᠨ ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠮᠡᠳᠡᠯᠭᠡ ᠵᠢᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠥ ᠠᠷᠠᠳ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠤᠬᠠᠮᠰᠠᠷ᠎ᠢ ᠳᠡᠭᠡᠭᠰᠢᠯᠡᠭᠦᠯᠵᠦ᠂ ᠪᠥᠬᠥ ᠠᠷᠠᠳ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠠᠵᠢᠯ᠎ᠳᠤ ᠣᠷᠣᠯᠴᠠᠬᠤ ᠠᠭᠤᠷ ᠠᠮᠢᠰᠬᠤᠯ᠎ᠢ ᠪᠣᠶ ᠪᠣᠯᠭ᠋ᠠᠪᠠ᠃