
4 ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠤᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠵᠠᠩ ᠬᠠᠶ ᠹᠸᠩ ᠵᠡᠷᠭᠡ 9 ᠬᠥᠮᠦᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ᠎ᠲᠠᠢ ᠠᠭᠤᠯᠵᠠᠭᠰᠠᠨ ᠪᠥᠭᠡᠳ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃
ᠸᠠᠩ ᠵᠤᠤ ᠱᠧᠩ ᠵᠠᠩ ᠬᠠᠢ ᠹᠸᠩ ᠨᠠᠷ᠎ᠤᠨ ᠬᠦᠷᠦᠯᠴᠡᠨ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠂ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯᠤᠨᠬᠢᠨᠤ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠬᠥᠭᠵᠢᠯᠲᠡ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ᠎ᠤᠨ ᠤᠮᠠᠷᠠᠲᠤ ᠵᠢᠨ ᠭᠤᠷᠪᠠᠨ ᠣᠷᠣᠨ 13 ᠮᠤᠵᠢ ᠣᠷᠣᠨ᠎ᠳᠤ ᠡᠭᠦᠷᠭᠡ ᠬᠠᠮᠤᠭ᠎ᠤᠨ ᠬᠦᠨᠳᠦ᠂ ᠬᠠᠷᠢᠭᠤᠴᠠᠯᠭ᠎ᠠ ᠬᠠᠮᠤᠭ᠎ᠤᠨ ᠶᠡᠬᠡ ᠪᠠᠶ᠋ᠢᠵᠤ᠂ 2030 ᠣᠨ ᠪᠣᠯᠬᠤ᠎ᠳᠤ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ 2.85 ᠳ᠋ᠦᠩᠰᠢᠭᠤᠷ ᠮᠦ᠍ ᠪᠡᠶᠡᠯᠡᠭᠦᠯᠬᠦ᠎ᠪᠠᠷ ᠲᠥᠯᠥᠪᠯᠡᠵᠦ ᠪᠠᠶ᠋ᠢᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠭᠤᠷᠪᠠᠨ ᠤᠮᠠᠷᠠᠲᠤ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ 2030 ᠣᠨ ᠪᠣᠯᠬᠤ᠎ᠳᠤ ᠪᠦᠬᠦ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 1.19 ᠳ᠋ᠦᠩᠰᠢᠭᠤᠷ ᠬᠢᠯᠦᠸᠠᠲ᠎ᠲᠤ ᠬᠦᠷᠴᠦ᠂ 1151 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠶ ᠵᠢ ᠶᠡᠷᠦᠩᠬᠡᠶ᠋ᠢᠯᠡᠨ ᠵᠠᠰᠠᠬᠤ ᠡᠭᠦᠷᠭᠡ ᠵᠢ ᠢᠵᠢ ᠪᠦᠷᠢᠳᠦᠭᠦᠯᠦᠨ ᠪᠡᠶᠡᠯᠡᠭᠦᠯᠬᠦ᠎ᠪᠠᠷ ᠲᠥᠯᠥᠪᠯᠡᠵᠦ᠂ ᠣᠳᠣᠬᠠᠨ᠎ᠳᠤ᠂ ᠪᠦᠬᠦ ᠣᠷᠣᠨ᠎ᠤ ᠡᠯ᠎ᠡ ᠭᠠᠵᠠᠷ᠎ᠤᠨ᠎ᠬᠢᠨ ᠨᠢᠭᠡᠨᠲᠡ ᠶᠠᠭ᠋ᠠᠷᠠᠯᠲᠠᠶ ᠠᠵᠢᠯᠯᠠᠵᠤ ᠡᠬᠢᠯᠡᠪᠡ᠃ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠨᠢ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠠᠵᠢᠯ ᠲᠦᠷᠦᠯ᠎ᠤᠨ ᠭᠣᠣᠯᠯᠠᠭᠴᠢ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠪᠣᠯᠤᠭᠰᠠᠨ᠎ᠤ ᠬᠤᠪᠢ᠎ᠳᠤ᠂ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠤᠯᠠᠨ ᠳᠠᠪᠠᠭᠤᠯᠢᠭ᠎ᠲᠠᠢ᠂ ᠬᠣᠶᠠᠷ ᠲᠠᠯ᠎ᠠ᠎ᠪᠠᠷ ᠵᠶ᠋ᠠᠨ ᠯᠤᠲᠤ ᠶᠡᠬᠡ ᠬᠠᠮᠲᠤᠷᠠᠯᠴᠠᠭ᠋ᠠᠨ᠎ᠤ ᠣᠷᠣᠨ ᠵᠠᠢᠲᠠᠢ ᠶᠤᠮ᠃ ᠬᠣᠶᠠᠷ ᠲᠠᠯ᠎ᠠ᠎ᠪᠠᠷ ᠵᠶ᠋ᠠᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ᠂ ᠨᠢᠭᠡ ᠴᠣᠭᠴᠠᠵᠢᠭᠤᠯᠬᠤ ᠢᠨᠵᠧᠨᠧᠷᠢᠩ᠂ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ᠎ᠪᠠᠨ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠴᠢᠬᠤᠯᠠ ᠡᠯᠧᠮᠧᠨ᠋ᠲ᠎ᠤᠨ ᠪᠠᠲᠤᠯᠠᠭ᠎ᠠ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠲᠥᠷᠥᠯ ᠵᠦᠢ᠍ᠯ᠎ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ᠂ ᠠᠮᠢ ᠠᠬᠤᠶ ᠵᠢ ᠰᠡᠷᠭᠦᠭᠡᠬᠦ ᠮᠡᠷᠭᠡᠵᠢᠯ᠎ᠤᠨ ᠳᠡᠮᠵᠢᠯᠭᠡ ᠵᠡᠷᠭᠡ ᠲᠠᠯ᠎ᠠ᠎ᠪᠠᠷ ᠴᠢᠨᠠᠷ ᠰᠠᠶ᠋ᠢᠲᠠᠶ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠵᠤ᠂ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠤᠨ ᠠᠵᠢᠯ᠎ᠢ ᠪᠥᠬᠥ ᠬᠦᠴᠦᠨ ᠵᠶ᠋ᠠᠷ ᠳᠡᠮᠵᠢᠬᠦ ᠵᠢ ᠬᠦᠰᠡᠵᠦ ᠪᠠᠶ᠋ᠢᠨ᠎ᠠ᠃

ᠵᠠᠩ ᠬᠠᠢ ᠹᠸᠩ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠤᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠂ ᠬᠥᠭᠵᠢᠯᠲᠡ ᠵᠢᠨ ᠲᠥᠯᠥᠪᠵᠢᠭᠦᠯᠭᠡ ᠵᠢᠴᠢ ᠬᠠᠮᠲᠤᠷᠠᠯᠴᠠᠬᠤ᠎ᠪᠠᠷ ᠪᠠᠶ᠋ᠢᠭ᠎ᠠ ᠵᠦᠢ᠍ᠯᠡᠰ᠎ᠢ ᠲᠠᠨᠢᠯᠴᠠᠭᠤᠯᠵᠤ᠂ ᠬᠣᠶᠠᠷ ᠲᠠᠯ᠎ᠠ᠎ᠪᠠᠷ ᠵᠶ᠋ᠠᠨ ᠤᠢ ᠰᠢᠭᠤᠢ ᠵᠢᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠤᠨ ᠲᠣᠭᠣᠷᠢᠨ᠎ᠳᠤ ᠪᠠᠢ᠍ᠢ᠍ᠩᠭᠤᠵᠢᠭᠰᠠᠨ ᠬᠠᠮᠲᠤᠷᠠᠯᠴᠠᠭ᠋ᠠᠨ᠎ᠤ ᠲᠣᠭᠲᠠᠴᠠ ᠪᠠᠶ᠋ᠢᠭᠤᠯᠬᠤ ᠵᠢᠨ ᠬᠠᠮᠲᠤ ᠨᠢᠭᠡ ᠴᠤᠬ᠍ᠴᠠᠵᠢᠬᠰᠠᠨ ᠲᠦᠷᠦᠯ ᠵᠦᠢ᠍ᠯ᠂ ᠠᠮᠢ ᠠᠬᠤᠢ ᠵᠢ ᠰᠡᠷᠭᠦᠭᠡᠨ ᠵᠠᠰᠠᠬᠤ ᠵᠡᠷᠭᠡ ᠲᠠᠯ᠎ᠠ᠎ᠪᠠᠷ ᠨᠢᠭᠲᠠ ᠬᠠᠷᠢᠯᠴᠠᠭ᠎ᠠ᠎ᠪᠠᠨ ᠪᠠᠲᠤᠯᠠᠵᠤ᠂ ᠵᠣᠯᠭ᠋ᠠᠯᠴᠠᠭ᠎ᠠ ᠬᠠᠮᠲᠤᠷᠠᠯᠴᠠᠭ᠎ᠠ᠎ᠪᠠᠨ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ ᠠᠮᠢ ᠠᠬᠤᠢ ᠵᠢᠨ ᠦᠷ᠎ᠡ ᠠᠰᠢᠭ ᠪᠣᠯᠤᠨ ᠠᠵᠤ ᠠᠬᠤᠢ ᠵᠢᠨ ᠦᠷ᠎ᠡ ᠠᠰᠢᠭ᠎ᠤᠨ ᠬᠣᠣᠰ ᠠᠮᠵᠢᠯᠲᠠ ᠵᠢ ᠪᠡᠶᠡᠯᠡᠭᠦᠯᠬᠦ ᠵᠢ ᠬᠦᠰᠡᠪᠡ᠃
ᠬᠣᠶᠠᠷ ᠲᠠᠯ᠎ᠠ᠎ᠪᠠᠷ ᠵᠶ᠋ᠠᠨ ᠤᠢ ᠰᠢᠭᠤᠢ ᠵᠢᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠪᠠᠶ᠋ᠢᠩᠭᠤ ᠵᠢᠨ ᠬᠠᠮᠲᠤᠷᠠᠭᠰᠠᠨ ᠬᠤᠷᠠᠯ᠎ᠤᠨ ᠵᠥᠪᠳᠡᠯᠴᠡᠬᠦ ᠲᠣᠭᠲᠠᠴᠠ ᠵᠢ ᠪᠠᠶ᠋ᠢᠭᠤᠯᠵᠤ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠢ ᠳᠠᠷᠤᠢ ᠲᠦᠷᠭᠡᠨ ᠲᠣᠭᠲᠠᠵᠤ᠂ ᠤᠢ ᠰᠢᠭᠤᠢ ᠵᠢᠨ CCER ᠨᠡᠭᠦᠷᠡᠰᠦᠲᠥ᠋ᠷᠥᠭᠴᠢ ᠵᠢ ᠬᠤᠷᠠᠭᠤᠯᠬᠤ ᠲᠦᠷᠦᠯ ᠵᠦᠢ᠍ᠯ᠎ᠢ ᠬᠠᠮᠲᠤ᠎ᠪᠠᠷ ᠨᠡᠭᠡᠭᠡᠨ ᠬᠥᠭᠵᠢᠭᠦᠯᠵᠦ᠂ ᠮᠸᠩ ᠨᠸᠩ ᠪᠦᠯᠦᠭᠯᠡᠯ᠎ᠤᠨ ᠤᠢ ᠰᠢᠭᠤᠢ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠲᠥᠪ ᠪᠠᠶ᠋ᠢᠭᠤᠯᠬᠤ ᠵᠢ ᠳᠡᠮᠵᠢᠬᠦ ᠵᠢ ᠵᠥᠪᠰᠢᠶᠡᠷᠡᠪᠡ᠃ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠵᠢᠴᠢ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃
