ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠤᠯᠤᠰ᠎ᠤᠨ ᠭᠤᠤᠯᠳᠠᠯᠭ᠎ᠠ᠎ᠲᠠᠢ ᠣᠶ ᠮᠣᠳᠣᠨ᠎ᠤ ᠰᠢᠯᠢᠳᠡᠭ ᠡᠭᠦᠯᠳᠡᠷ᠎ᠤᠨ ᠰᠠᠭᠤᠷᠢᠨ ᠭᠠᠵᠠᠷ ᠪᠠ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ 2024 ᠣᠨ᠎ᠤ ᠦᠢ᠍ᠯᠡᠳᠪᠦᠷᠢᠯᠡᠯ᠎ᠤᠨ ᠠᠵᠢᠯ᠎ᠤᠨ ᠵᠢᠷᠤᠭ ᠲᠥᠯᠥᠪᠯᠡᠭᠡ ᠵᠢ ᠬᠢᠨᠠᠨ ᠲᠣᠭᠲᠠᠭ᠋ᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-22

    
    《ᠮᠠᠨ᠎ᠤ ᠣᠷᠣᠨ᠎ᠤ 11 ᠤᠯᠤᠰ᠎ᠤᠨ ᠭᠤᠤᠯᠳᠠᠯᠭ᠎ᠠ᠎ᠲᠠᠢ ᠣᠶ ᠮᠣᠳᠣᠨ᠎ᠤ ᠰᠢᠯᠢᠳᠡᠭ ᠡᠭᠦᠯᠳᠡᠷ᠎ᠤᠨ ᠰᠠᠭᠤᠷᠢᠨ ᠭᠠᠵᠠᠷ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠵᠢᠨ ᠲᠠᠯᠠᠪᠠᠶ ᠵᠢᠨ ᠦᠷ᠎ᠡ ᠴᠢᠬᠢ ᠵᠢᠨ ᠵᠤᠷᠭ᠋ᠠᠨ᠎ᠤ ᠴᠣᠬᠣᠯᠠᠪᠤᠷᠢ》 ᠵᠢᠨ ᠱᠠᠭ᠋ᠠᠷᠳᠠᠯᠭ᠎ᠠ ᠶᠣᠰᠣᠭ᠋ᠠᠷ᠂ 4 ᠰᠠᠷ᠎ᠠ ᠵᠢᠨ 15᠎ᠤ ᠡᠳᠦᠷ᠎ᠠᠴᠠ 17᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠱᠠᠨ ᠰᠢ ᠮᠤᠵᠢ ᠵᠢᠨ ᠲᠠᠶ᠋ᠢᠶᠤᠸᠠᠨ ᠬᠣᠲᠠ᠎ᠳᠤ ᠮᠠᠨ᠎ᠤ ᠣᠷᠣᠨ᠎ᠤ ᠤᠯᠤᠰ᠎ᠤᠨ ᠭᠤᠤᠯᠳᠠᠯᠭ᠎ᠠ᠎ᠲᠠᠢ ᠣᠶ ᠮᠣᠳᠣᠨ᠎ᠤ ᠰᠢᠯᠢᠳᠡᠭ ᠡᠭᠦᠯᠳᠡᠷ᠎ᠤᠨ ᠰᠠᠭᠤᠷᠢᠨ ᠭᠠᠵᠠᠷ ᠪᠠ ᠤᠯᠤᠰ᠎ᠤᠨ ᠣᠶ ᠮᠣᠳᠣᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ 2024 ᠣᠨ᠎ᠤ ᠦᠢ᠍ᠯᠡᠳᠪᠦᠷᠢᠯᠡᠯ᠎ᠤᠨ ᠠᠵᠢᠯ᠎ᠤᠨ ᠵᠢᠷᠤᠭ ᠲᠥᠯᠥᠪᠯᠡᠭᠡ ᠵᠢ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠬᠤᠷᠠᠯ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ 3 ᠲᠤᠰᠬᠠᠶ ᠮᠡᠷᠭᠡᠵᠢᠯᠲᠡᠨ᠎ᠢ ᠤᠷᠢᠵᠤ ᠬᠢᠨᠠᠨ ᠲᠣᠭᠲᠠᠭ᠋ᠠᠯᠭ᠋ᠠᠪᠠ᠃
     ᠬᠢᠨᠠᠨ ᠲᠣᠭᠲᠠᠭ᠋ᠠᠬᠤ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠤᠯᠤᠰ᠎ᠤᠨ ᠭᠤᠤᠯᠳᠠᠯᠭ᠎ᠠ᠎ᠲᠠᠢ ᠣᠶ ᠮᠣᠳᠣᠨ᠎ᠤ ᠰᠢᠯᠢᠳᠡᠭ ᠡᠭᠦᠯᠳᠡᠷ᠎ᠤᠨ 11 ᠰᠠᠭᠤᠷᠢᠨ ᠪᠠ ᠤᠯᠤᠰ᠎ᠤᠨ ᠣᠶ ᠮᠣᠳᠣᠨ᠎ᠤ ᠦᠷ᠎ᠡ ᠡᠳ᠋᠎ᠤᠨ ᠡᠬᠢ ᠪᠠᠶᠠᠯᠢᠭ᠎ᠤᠨ 5 ᠬᠥᠮᠥᠷᠭᠡ ᠵᠢᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠰᠠᠭᠤᠷᠢᠨ ᠳᠡᠭᠡᠷ᠎ᠡ᠂ ᠪᠢᠴᠢᠭ ᠮᠠᠲ᠋ᠧᠷᠢᠶᠠᠯ᠎ᠢ ᠬᠢᠨᠠᠨ ᠦᠵᠡᠬᠦ᠂  ᠠᠰᠠᠭᠤᠯᠳᠠ ᠬᠠᠷᠢᠭᠤᠯᠲᠠ ᠵᠢᠴᠢ ᠶᠠᠷᠢᠯᠴᠠᠯᠭ᠎ᠠ᠎ᠪᠠᠷ ᠳᠠᠮᠵᠢᠭᠤᠯᠤᠨ᠂ ᠡᠯ᠎ᠡ ᠰᠢᠯᠢᠳᠡᠭ ᠡᠭᠦᠯᠳᠡᠷ᠎ᠤᠨ ᠰᠠᠭᠤᠷᠢᠨ ᠪᠠ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ 2024 ᠣᠨ᠎ᠤ   ᠦᠢ᠍ᠯᠡᠳᠪᠦᠷᠢᠯᠡᠯ᠎ᠤᠨ ᠠᠵᠢᠯ᠎ᠤᠨ ᠵᠢᠷᠤᠭ ᠲᠥᠯᠥᠪᠯᠡᠭᠡ ᠵᠢ ᠶᠡᠷᠦᠩᠬᠡᠶ᠋ᠢᠯᠡᠨ ᠬᠢᠨᠠᠨ ᠲᠣᠭᠲᠠᠭ᠋ᠠᠵᠤ᠂ ᠠᠵᠢᠯ᠎ᠤᠨ ᠵᠢᠷᠤᠭ ᠲᠥᠯᠥᠪᠯᠡᠭᠡ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠳᠤ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠨ ᠪᠤᠶ ᠪᠦᠬᠦᠢ ᠬᠥᠮᠦᠰ ᠤᠷᠢᠳ ᠬᠣᠵᠢᠳ ᠵᠢᠩ ᠱᠠᠩ ᠣᠶ ᠰᠢᠭᠤᠶ ᠵᠢᠨ ᠲᠠᠯᠠᠪᠠᠶ ᠵᠢᠨ ᠪᠠᠲᠤᠴᠠᠭ᠋ᠠᠨ ᠮᠣᠳᠣᠨ᠎ᠤ ᠤᠯᠤᠰ᠎ᠤᠨ ᠣᠶ ᠮᠣᠳᠣᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠪᠣᠯᠤᠨ ᠱᠠᠩ ᠵᠤᠸᠠᠩ ᠲᠣᠰᠬᠣᠨ᠎ᠤ ᠤᠯᠤᠰ᠎ᠤᠨ ᠨᠠᠷᠠᠰᠤᠨ ᠮᠤᠳᠤᠨ᠎ᠤ ᠰᠢᠯᠢᠳᠡᠭ ᠡᠭᠦᠯᠳᠡᠷ᠎ᠤᠨ ᠰᠠᠭᠤᠷᠢᠨ ᠭᠠᠵᠠᠷ ᠵᠶ᠋ᠠᠷ ᠲᠣᠭᠣᠷᠢᠨ ᠦᠵᠡᠵᠦ᠂ ᠲᠤᠬᠠᠶ ᠵᠢᠨ ᠭᠠᠵᠠᠷ᠎ᠤᠨ ᠠᠵᠢᠭᠯᠠᠨ ᠬᠡᠮᠵᠢᠬᠦ ᠪᠠ ᠶᠠᠷᠢᠯᠴᠠᠯᠭ᠎ᠠ᠎ᠪᠠᠷ ᠳᠠᠮᠵᠢᠭᠤᠯᠤᠨ᠂ ᠱᠠᠨ ᠰᠢ ᠮᠤᠵᠢ ᠵᠢᠨ ᠣᠶ ᠮᠣᠳᠣᠨ᠎ᠤ ᠰᠢᠯᠢᠳᠡᠭ ᠡᠭᠦᠯᠳᠡᠷ᠎ᠤᠨ ᠰᠠᠭᠤᠷᠢᠨ ᠭᠠᠵᠠᠷ ᠪᠣᠯᠤᠨ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ ᠪᠠᠶ᠋ᠢᠭᠤᠯᠤᠯᠲᠠ ᠬᠠᠮᠢᠶᠠᠷᠤᠯᠲᠠ ᠵᠢᠨ ᠲᠠᠯ᠎ᠠ ᠵᠢᠨ ᠲᠡᠷᠢᠭᠦᠨ᠎ᠤ ᠲᠤᠷᠰᠢᠯᠭ᠎ᠠ ᠵᠢ ᠰᠤᠷᠤᠯᠴᠠᠵᠤ᠂ ᠬᠠᠷᠠᠭ᠎ᠠ᠎ᠪᠠᠨ ᠥᠷᠭᠡᠵᠢᠭᠦᠯᠦᠨ᠂ ᠮᠡᠳᠡᠯᠭᠡ᠎ᠪᠠᠨ ᠰᠢᠨᠡᠳᠬᠡᠵᠦ᠂ ᠮᠠᠨ᠎ᠤ ᠣᠷᠣᠨ᠎ᠤ ᠰᠢᠯᠢᠳᠡᠭ ᠡᠭᠦᠯᠳᠡᠷ᠎ᠤᠨ ᠰᠠᠭᠤᠷᠢᠨ ᠭᠠᠵᠠᠷ ᠪᠣᠯᠤᠨ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ ᠬᠣᠶ᠋ᠢᠰᠢᠳᠠ ᠵᠢᠨ ᠪᠦᠲᠦᠭᠡᠨ ᠪᠠᠶ᠋ᠢᠭᠤᠯᠤᠯᠲᠠ ᠬᠥᠭᠵᠢᠯᠲᠡ᠎ᠳᠤ ᠴᠢᠭᠯᠡᠯ ᠬᠠᠩᠭ᠋ᠠᠭᠰᠠᠨ ᠪᠠᠶ᠋ᠢᠨ᠎ᠠ᠃ ᠡᠭᠦᠨ᠎ᠤ ᠬᠠᠮᠲᠤ᠂ ᠬᠤᠷᠠᠯ᠎ᠠᠴᠠ ᠪᠠᠰᠠ ᠱᠠᠨᠳᠦ᠋ᠩ ᠮᠤᠵᠢ ᠵᠢᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠡᠳ᠋᠎ᠤᠨ ᠡᠬᠢ ᠪᠠᠶᠠᠯᠢᠭ᠎ᠤᠨ ᠲᠥᠪ᠎ᠤᠨ ᠯᠢᠦ ᠳ᠋ᠠᠨ ᠰᠤᠳᠤᠯᠤᠭᠴᠢ ᠵᠢ ᠤᠷᠢᠵᠤ ᠣᠶ ᠮᠣᠳᠣᠨ᠎ᠤ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠮᠡᠷᠭᠡᠵᠢᠯ᠎ᠤᠨ ᠲᠤᠬᠠᠶ ᠵᠢᠨ ᠲᠠᠯᠠᠪᠠᠶ ᠵᠢᠨ ᠵᠢᠭ᠋ᠠᠨ ᠰᠤᠷᠭ᠋ᠠᠯᠲᠠ ᠬᠢᠯᠭᠡᠵᠦ᠂ ᠡᠬᠢ ᠪᠠᠶᠠᠯᠢᠭ᠎ᠢ ᠴᠤᠭᠯᠠᠭᠤᠯᠬᠤ᠂ APP ᠵᠢ ᠬᠡᠷᠡᠭᠯᠡᠬᠦ᠂ ᠲᠣᠭ᠎ᠠ ᠪᠠᠷᠢᠮᠲᠠ ᠵᠢ ᠣᠷᠣᠭᠤᠯᠬᠤ ᠪᠠ ᠥᠯᠢᠭᠡᠷ ᠬᠡᠪ ᠦᠢ᠍ᠯᠡᠳᠬᠦ ᠵᠡᠷᠭᠡ ᠡᠯ᠎ᠡ ᠭᠣᠭᠴᠣᠭ᠋ᠠᠨ᠎ᠤ ᠠᠵᠢᠯ᠎ᠳᠤ ᠲᠤᠬᠠᠶ ᠵᠢᠨ ᠲᠠᠯᠠᠪᠠᠶ ᠵᠢᠨ ᠰᠣᠷᠢᠯᠲᠠ ᠬᠢᠭᠰᠡᠨ ᠪᠥᠭᠡᠳ ᠡᠬᠢ ᠪᠠᠶᠠᠯᠢᠭ᠎ᠢ ᠴᠤᠭᠯᠠᠭᠤᠯᠬᠤ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠤᠨ ᠲᠤᠬᠠᠶ ᠰᠠᠨᠠᠯ ᠵᠶ᠋ᠠᠨ ᠰᠣᠯᠢᠯᠴᠠᠵᠤ᠂ 《ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠬᠡᠷᠡᠭᠵᠢᠭᠦᠯᠬᠦ ᠲᠥᠰᠦᠯ (2023—2025 ᠣᠨ)》᠎ᠳᠤ ᠲᠣᠭᠲᠠᠭ᠋ᠠᠭᠰᠠᠨ ᠡᠭᠦᠷᠭᠡ ᠬᠠᠷᠠᠯᠲᠠ ᠵᠢ ᠪᠡᠶᠡᠯᠡᠭᠦᠯᠬᠦ᠎ᠳᠤ ᠰᠠᠭᠤᠷᠢ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ᠂ ᠬᠠᠮᠢᠶ᠎ᠠ ᠪᠥᠬᠥᠶ ᠠᠶ᠋ᠢᠮᠠᠭ ᠬᠣᠲᠠ ᠵᠢᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠵᠢᠯᠲᠠᠨ ᠵᠢᠴᠢ ᠤᠯᠤᠰ᠎ᠤᠨ ᠭᠤᠤᠯᠳᠠᠯᠭ᠎ᠠ᠎ᠲᠠᠢ 11 ᠣᠶ ᠮᠣᠳᠣᠨ᠎ᠤ ᠰᠢᠯᠢᠳᠡᠭ ᠡᠭᠦᠯᠳᠡᠷ᠎ᠤᠨ ᠰᠠᠭᠤᠷᠢᠨ ᠪᠣᠯᠤᠨ ᠤᠯᠤᠰ᠎ᠤᠨ 5 ᠣᠶ ᠮᠣᠳᠣᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ ᠬᠠᠷᠢᠭᠤᠴᠠᠯᠭ᠋ᠠᠲᠠᠨ᠂ ᠮᠡᠷᠭᠡᠵᠢᠯ᠎ᠤᠨ ᠠᠵᠢᠯᠲᠠᠨ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ ᠵᠡᠷᠭᠡ 50 ᠭᠠᠷᠤᠶ ᠬᠥᠮᠦᠨ ᠬᠤᠷᠠᠯ᠎ᠳᠤ ᠣᠷᠣᠯᠴᠠᠵᠤ᠂ ᠬᠤᠷᠠᠯ᠎ᠠᠴᠠ ᠡᠯ᠎ᠡ ᠵᠦᠢ᠍ᠯ᠎ᠤᠨ ᠵᠥᠪᠯᠡᠬᠦ ᠵᠦᠢ᠍ᠯ ᠵᠶ᠋ᠠᠨ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ ᠪᠥᠭᠡᠳ ᠰᠠᠶ᠋ᠢᠨ ᠦᠷ᠎ᠡ ᠪᠦᠲᠦᠮᠵᠢ ᠣᠯᠵᠠᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠡᠷᠭᠡᠵᠢᠯ᠎ᠤᠨ ᠪᠤᠯᠪᠠᠰᠤᠷᠠᠭᠤᠯᠤᠯ᠎ᠢ ᠴᠢᠩᠭ᠋ᠠᠳᠬᠠᠵᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠦᠨᠡᠯᠡᠨ ᠵᠢᠱ᠌ᠢᠬᠦ ᠠᠵᠢᠯ᠎ᠢ ᠠᠬᠢᠭᠤᠯᠤᠨ᠎ᠠ᠃
ᠦᠢ᠍ᠯᠡᠴᠢᠯᠡᠭᠡᠨ᠎ᠤ ᠠᠷᠭ᠎ᠠ ᠬᠡᠮᠵᠢᠶ᠎ᠡ᠎ᠪᠠᠨ ᠭᠦᠨᠵᠡᠭᠡᠶ᠋ᠢᠷᠡᠭᠦᠯᠵᠦ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠪᠠᠲᠤᠯᠠᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 43 ᠳ᠋ᠤᠭ᠋ᠠᠷ ᠬᠤᠭᠤᠴᠠᠭ᠋ᠠᠨ᠎ᠤ 《ᠰᠢᠪᠠᠭᠤ ᠵᠢ ᠬᠠᠮᠠᠭ᠋ᠠᠯᠠᠬᠤ ᠭᠠᠷᠠᠭ》᠎ᠤᠨ ᠤᠬᠠᠭᠤᠯᠭ᠎ᠠ ᠵᠢᠨ ᠠᠵᠢᠯᠯᠠᠭ᠎ᠠ ᠤᠯᠠᠭ᠋ᠠᠨᠰᠤᠬᠠᠢ᠎ᠳᠤ ᠶᠠᠪᠤᠭᠳᠠᠪᠠ
ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠲᠡᠷᠢᠭᠦᠨ᠎ᠤ ᠮᠠᠰᠢᠨ ᠲᠣᠨᠣᠭᠯᠠᠯ᠎ᠤᠨ ᠠᠬᠤᠢ ᠲᠠᠯᠠᠪᠠᠢ ᠵᠢᠨ ᠦᠵᠡᠬᠦᠯᠦᠯᠭᠡ ᠤᠷᠳᠤᠰ ᠬᠤᠳᠠ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠩᠭᠢ ᠡᠷᠬᠢᠯᠡᠪᠡ
 
             蒙ICP备05000248号