2024 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 2024 ᠣᠨ᠎ᠤ ᠨᠤᠲᠤᠭ ᠪᠡᠯᠴᠢᠭᠡᠷ᠎ᠤᠨ ᠭᠤᠤᠯᠳᠠᠯᠭ᠎ᠠ᠎ᠲᠠᠢ ᠠᠵᠢᠯ᠎ᠢ ᠪᠥᠬᠥ ᠲᠠᠯ᠎ᠠ᠎ᠪᠠᠷ ᠠᠬᠢᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠷᠥᠯ ᠵᠦᠢ᠍ᠯ᠎ᠤᠨ ᠬᠡᠷᠡᠭᠵᠢᠭᠦᠯᠬᠦ ᠦᠷ᠎ᠡ ᠠᠰᠢᠭ᠎ᠢ ᠳᠡᠭᠡᠭᠰᠢᠯᠡᠭᠦᠯᠦᠨ᠂ 《ᠤᠮᠠᠷᠠᠲᠤ ᠵᠢᠨ ᠭᠤᠷᠪᠠᠨ ᠤᠷᠤᠨ》᠎ᠤ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠵᠢ ᠠᠬᠢᠭᠤᠯᠬᠤ ᠵᠢᠨ ᠲᠤᠰᠠᠳᠠ᠂ 4 ᠰᠠᠷ᠎ᠠ ᠵᠢᠨ ᠡᠬᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ 《ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠥᠪᠥᠷ ᠣᠶ ᠰᠢᠭᠤᠢ ᠨᠤᠲᠤᠭ ᠪᠡᠯᠴᠢᠭᠡᠷ ᠵᠠᠬᠢᠳᠠᠯ [2024]626 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ 2019 ᠣᠨ᠎ᠠᠴᠠ ᠨᠠᠭ᠋ᠠᠰᠢ ᠬᠡᠷᠡᠭᠵᠢᠭᠦᠯᠦᠭᠰᠡᠨ ᠤᠯᠤᠰ᠎ᠤᠨ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠲᠦᠷᠦᠯ ᠵᠦᠢ᠍ᠯ᠎ᠢ ᠦᠨᠡᠯᠡᠨ ᠵᠢᠱ᠌ᠢᠨ᠎ᠡ᠃
ᠦᠨᠡᠯᠡᠨ ᠵᠢᠱ᠌ᠢᠬᠦ ᠠᠵᠢᠯ᠎ᠢ ᠲᠦᠷᠭᠡᠳᠬᠡᠨ ᠠᠬᠢᠭᠤᠯᠬᠤ ᠵᠢᠨ ᠲᠥᠯᠥᠭᠡ᠂ 4 ᠰᠠᠷ᠎ᠠ ᠵᠢᠨ 18᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠪᠥᠬᠥ ᠣᠷᠣᠨ᠎ᠤ 12 ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ ᠪᠣᠯᠤᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠂ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ᠂ ᠣᠶ ᠰᠢᠭᠤᠶ ᠨᠤᠲᠤᠭ ᠪᠡᠯᠴᠢᠭᠡᠷ᠎ᠤᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠂ ᠣᠶ ᠰᠢᠭᠤᠶ ᠨᠤᠲᠤᠭ ᠪᠡᠯᠴᠢᠭᠡᠷ᠎ᠤᠨ ᠬᠢᠨᠠᠨ ᠬᠡᠮᠵᠢᠬᠦ ᠬᠣᠶᠠᠳᠤᠭ᠋ᠠᠷ ᠲᠥᠯᠥᠪᠵᠢᠭᠦᠯᠭᠡ ᠵᠢᠨ ᠬᠦᠷᠢᠶᠡᠯᠡᠩ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠪᠣᠯᠤᠨ ᠲᠤᠬᠠᠶ᠋ᠢᠯᠠᠭᠰᠠᠨ ᠠᠵᠢᠯ᠎ᠤᠨ ᠬᠠᠷᠢᠭᠤᠴᠠᠯᠭ᠋ᠠᠲᠠᠨ ᠪᠣᠯᠪᠠᠰᠤᠷᠠᠭᠤᠯᠤᠯ᠎ᠳᠤ ᠣᠷᠣᠯᠴᠠᠪᠠ᠃
ᠪᠤᠯᠪᠠᠰᠤᠷᠠᠭᠤᠯᠤᠯ᠎ᠳᠤ᠂ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠎ᠤᠨ ᠲᠡᠷᠭᠡᠯ ᠨᠥᠬᠥᠷ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠦᠨᠡᠯᠡᠯᠲᠡ ᠵᠢᠨ ᠱᠠᠭ᠋ᠠᠷᠳᠠᠯᠭ᠎ᠠ᠎ᠳᠤ ᠲᠠᠶ᠋ᠢᠯᠤᠮᠵᠢ ᠬᠢᠪᠠ᠃ ᠣᠶ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠰᠤᠳᠤᠯᠤᠭᠴᠢ ᠵᠧᠩ ᠱᠤ᠌ ᠬᠤᠸᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ᠎ᠢ ᠪᠠᠶ᠋ᠢᠴᠠᠭ᠋ᠠᠬᠤ ᠪᠠ ᠠᠮᠢ ᠠᠬᠤᠶ ᠵᠢᠨ ᠦᠷ᠎ᠡ ᠠᠰᠢᠭ᠎ᠢ ᠦᠨᠡᠯᠡᠨ ᠵᠢᠱ᠌ᠢᠬᠦ ᠬᠠᠮᠢᠶ᠎ᠠ ᠪᠥᠬᠥᠶ ᠮᠡᠷᠭᠡᠵᠢᠯ᠎ᠤᠨ ᠪᠣᠯᠪᠠᠰᠤᠷᠠᠭᠤᠯᠤᠯ ᠬᠢᠪᠠ᠃
ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠪᠥᠬᠥ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠢ ᠦᠨᠡᠯᠡᠨ ᠵᠢᠱ᠌ᠢᠬᠦ ᠠᠵᠢᠯ᠎ᠳᠤ ᠬᠡᠳᠦᠨ ᠱᠠᠭ᠋ᠠᠷᠳᠠᠯᠭ᠎ᠠ ᠳᠤᠷᠠᠳᠪᠠ᠂ ᠨᠢᠭᠡ᠎ᠳᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠡᠭᠡᠳᠦ ᠬᠡᠮᠵᠢᠶ᠎ᠡ᠎ᠪᠠᠷ ᠠᠬᠢᠭᠤᠯᠬᠤ ᠬᠡᠷᠡᠭᠲᠡᠶ᠃ ᠡᠯ᠎ᠡ ᠠᠶ᠋ᠢᠮᠠᠭ ᠬᠣᠲᠠ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠰᠡᠷᠭᠡᠭ ᠴᠢᠨᠠᠷ ᠵᠢᠴᠢ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠵᠤ᠂ ᠪᠤᠳᠠᠳᠠᠢ ᠪᠠᠢ᠌ᠳᠠᠯ᠎ᠳᠤ ᠬᠦᠢ᠍ᠴᠡᠳ ᠤᠢ᠌ᠯᠠᠭ᠋ᠠᠯᠳᠠ᠎ᠲᠠᠢ ᠪᠠᠢ᠌ᠬᠤ ᠬᠡᠷᠡᠭᠳᠡᠢ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠭᠤᠤᠯ ᠬᠠᠷᠢᠭᠤᠴᠠᠯᠭ᠋ᠠᠲᠠᠨ ᠨᠥᠬᠥᠳ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠬᠦᠢ᠍ᠴᠡᠳᠬᠡᠵᠦ᠂ ᠪᠡᠶ᠎ᠡ᠎ᠪᠠᠷ ᠵᠶ᠋ᠠᠨ ᠪᠠᠶ᠋ᠢᠷᠢᠯᠠᠭᠤᠯᠤᠨ ᠲᠣᠬᠢᠷᠠᠭᠤᠯᠵᠤ᠂ ᠪᠡᠶᠡᠯᠡᠭᠦᠯᠬᠦ ᠬᠡᠷᠡᠭᠲᠡᠢ᠃ ᠲᠣᠰ ᠤᠳᠠᠭ᠋ᠠᠨ᠎ᠤ ᠠᠵᠢᠯ᠎ᠤᠨ ᠴᠠᠭ ᠪᠠᠴᠢᠮ᠂ ᠡᠭᠦᠷᠭᠡ ᠬᠦᠨᠳᠦ᠂ ᠱᠠᠭ᠋ᠠᠷᠳᠠᠯᠭ᠎ᠠ ᠥᠨᠳᠥᠷ ᠪᠠᠶ᠋ᠢᠬᠤ ᠵᠢ ᠭᠤᠤᠯᠳᠠᠯᠭ᠎ᠠ᠎ᠲᠠᠢ ᠴᠢᠬᠤᠯᠠᠴᠢᠯᠠᠵᠤ᠂ ᠶᠠᠰᠤ ᠴᠢᠨᠠᠷ᠎ᠢ ᠪᠠᠲᠤᠯᠠᠬᠤ ᠵᠢᠨ ᠬᠠᠮᠲᠤ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠨᠤᠭᠤᠳ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠠᠵᠢᠯᠲᠠᠨ ᠳᠣᠭᠢᠷᠠᠭᠤᠯᠤᠨ᠂ 8 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠥᠬᠥ ᠲᠠᠯ᠎ᠠ᠎ᠪᠠᠷ ᠪᠡᠶᠡᠯᠡᠭᠦᠯᠬᠦ᠎ᠪᠠᠷ ᠴᠢᠷᠮᠠᠶ᠋ᠢᠬᠤ ᠬᠡᠷᠡᠭᠲᠡᠶ᠃ ᠭᠤᠷᠪᠠ᠎ᠳᠤ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠨᠢ ᠬᠠᠷᠠᠯᠲᠠ᠎ᠪᠠᠨ ᠲᠣᠳᠣᠷᠬᠠᠶ᠋ᠢᠯᠠᠵᠤ᠂ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠵᠢᠭ᠋ᠠᠨ ᠵᠢᠯᠣᠭᠣᠳᠴᠤ ᠬᠢᠨᠠᠨ ᠬᠠᠮᠢᠶᠠᠷᠴᠤ ᠰᠢᠮᠳᠠᠭᠤᠯᠤᠨ ᠪᠠᠢ᠌ᠴᠠᠭ᠋ᠠᠵᠤ᠂ ᠦᠷ᠎ᠡ ᠪᠦᠲᠦᠮᠵᠢ ᠭᠠᠷᠭ᠋ᠠᠬᠤ ᠵᠢ ᠱᠠᠭ᠋ᠠᠷᠲᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠰᠢᠭᠤᠳ ᠬᠠᠷᠢᠶ᠎ᠠ ᠨᠢᠭᠡᠴᠡ᠎ᠨᠢ ᠠᠵᠢᠯ᠎ᠤᠨ ᠬᠤᠪᠢᠶᠠᠷᠢᠯᠠᠯ᠎ᠤᠨ ᠱᠠᠭ᠋ᠠᠷᠳᠠᠯᠭ᠎ᠠ ᠶᠣᠰᠣᠭ᠋ᠠᠷ᠂ ᠲᠣᠰ ᠰᠠᠯᠠᠭ᠎ᠠ ᠮᠥᠴᠢᠷ᠎ᠤᠨ ᠡᠭᠦᠷᠭᠡᠯᠡᠵᠦ ᠪᠥᠬᠥᠶ ᠠᠵᠢᠯ᠎ᠤᠨ ᠡᠭᠦᠷᠭᠡ᠎ᠪᠠᠨ ᠬᠢᠨᠠᠮᠠᠭ᠋ᠠᠶ ᠬᠠᠷᠢᠭᠤᠴᠠᠵᠤ᠂ ᠠᠶ᠋ᠢᠮᠠᠭ ᠬᠣᠲᠠ᠂ ᠬᠣᠰᠢᠭᠤ ᠰᠢᠶᠠᠨ᠎ᠢ ᠵᠢᠭ᠋ᠠᠨ ᠵᠢᠯᠣᠭᠣᠳᠴᠤ ᠪᠠᠶ᠋ᠢᠭ᠋ᠠᠳ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃