2024 ᠣᠨ᠎ᠤ ᠪᠥᠬᠥ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠭᠤᠤᠯᠳᠠᠯᠭ᠎ᠠ᠎ᠲᠠᠢ ᠲᠥᠷᠥᠯ ᠵᠦᠢ᠍ᠯ᠎ᠳᠤ ᠦᠢ᠍ᠯᠡᠴᠢᠯᠡᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠷ ᠭᠦᠢ᠍ᠴᠡᠳᠬᠡᠯ᠎ᠤᠨ ᠠᠵᠢᠯ᠎ᠢ ᠥᠨᠳᠥᠷ ᠪᠦᠲᠦᠮᠵᠢᠲᠡᠶ ᠠᠬᠢᠭᠤᠯᠬᠤ ᠵᠢ ᠪᠠᠲᠤᠯᠠᠬᠤ ᠵᠢᠨ ᠲᠥᠯᠥᠭᠡ᠂ ᠮᠠᠨ᠎ᠤ ᠣᠷᠣᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ᠎ᠪᠠᠨ ᠲᠠᠰᠤᠷᠠᠯᠲᠠ ᠥᠬᠡᠶ ᠭᠦᠨᠵᠡᠭᠡᠶ᠋ᠢᠷᠡᠭᠦᠯᠦᠨ᠂ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠦᠲᠦᠮᠵᠢᠲᠡᠶ ᠪᠠᠲᠤᠯᠠᠪᠠ᠃
ᠬᠢᠨᠠᠨ ᠵᠦᠪᠰᠢᠶᠡᠷᠡᠯ᠎ᠤᠨ ᠦᠢ᠍ᠯᠡᠴᠢᠯᠡᠭᠡ ᠵᠢ ᠬᠠᠩᠭ᠋ᠠᠯᠳᠠᠢ ᠪᠤᠯᠭ᠋ᠠᠨ᠎ᠠ᠃ ᠣᠶ ᠰᠢᠭᠤᠶ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯᠲᠠᠳ᠎ᠢ ᠵᠣᠬᠢᠶᠠᠨ ᠪᠠᠶ᠋ᠢᠭᠤᠯᠤᠨ ᠬᠣᠰᠢᠭᠤ ᠰᠢᠶᠠᠨ᠂ ᠠᠶ᠋ᠢᠮᠠᠭ ᠬᠣᠲᠠ᠎ᠳᠤ ᠭᠦᠨᠵᠡᠭᠡᠶ᠋ᠢᠷᠡᠭᠦᠯᠵᠦ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠠᠵᠢᠯᠯᠠᠭ᠎ᠠ ᠵᠢ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠷ ᠭᠦᠢ᠍ᠴᠡᠳᠬᠡᠯ᠎ᠤᠨ ᠠᠵᠢᠯ᠎ᠤᠨ ᠶᠠᠪᠤᠴᠠ᠎ᠳᠤ ᠣᠷᠣᠰᠢᠵᠤ ᠪᠠᠶ᠋ᠢᠭ᠎ᠠ ᠬᠦᠴᠢᠷ ᠠᠰᠠᠭᠤᠳᠠᠯ᠎ᠢ ᠵᠦᠶ ᠵᠣᠬᠢᠰᠲᠠᠶ ᠰᠢᠢ᠍ᠳᠪᠦᠷᠢᠯᠡᠬᠦ ᠠᠷᠭ᠎ᠠ ᠵᠠᠮ᠎ᠢ ᠬᠠᠩᠭ᠋ᠠᠨ᠎ᠠ᠃ ᠭᠤᠤᠯᠳᠠᠯᠭ᠎ᠠ᠎ᠲᠠᠢ ᠵᠦᠢ᠍ᠯᠡᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠷ ᠭᠦᠢ᠍ᠴᠡᠳᠬᠡᠯ᠎ᠢ ᠨᠢᠭᠡᠳᠦᠯᠲᠡᠶ ᠲᠥᠯᠥᠪᠵᠢᠭᠦᠯᠬᠦ ᠵᠢ ᠠᠬᠢᠭᠤᠯᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠲᠠᠢ ᠣᠶ ᠰᠢᠭᠤᠶ ᠨᠤᠲᠤᠭ ᠪᠡᠯᠴᠢᠭᠡᠷ᠎ᠤᠨ ᠭᠠᠷ ᠭᠦᠢ᠍ᠴᠡᠳᠬᠡᠯ ᠵᠢᠨ ᠠᠵᠢᠯ᠎ᠢ ᠲᠦᠷᠭᠡᠨ ᠠᠬᠢᠭᠤᠯᠬᠤ ᠲᠤᠬᠠᠶ ᠰᠤᠳᠤᠯᠤᠨ ᠶᠠᠷᠢᠯᠴᠠᠨ᠎ᠠ᠃
ᠦᠢ᠍ᠯᠡᠴᠢᠯᠡᠭᠡᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠠᠵᠢᠯ ᠵᠶ᠋ᠠᠨ ᠥᠨᠳᠥᠷ ᠪᠦᠲᠦᠮᠵᠢᠲᠡᠢ ᠠᠬᠢᠭᠤᠯᠤᠨ᠎ᠠ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ᠎ᠪᠠᠷ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠲᠤᠰᠠᠭ᠋ᠠᠷ ᠵᠦᠢ᠍ᠯ᠎ᠢ ᠲᠤᠰᠲᠠᠭ᠋ᠠᠨ ᠰᠢᠢ᠍ᠳᠪᠦᠷᠢᠯᠡᠬᠦ᠂ ᠭᠤᠤᠯᠳᠠᠯᠭ᠎ᠠ᠎ᠲᠠᠢ ᠵᠦᠢ᠍ᠯᠡᠰ᠎ᠢ ᠤᠷᠢᠳᠠᠪᠠᠷ ᠭᠦᠢ᠍ᠴᠡᠳᠬᠡᠬᠦ ᠠᠵᠢᠯ᠎ᠤᠨ ᠵᠠᠷᠴᠢᠮ ᠶᠣᠰᠣᠭ᠋ᠠᠷ᠂ ᠭᠤᠤᠯᠳᠠᠯᠭ᠎ᠠ᠎ᠲᠠᠢ ᠠᠰᠠᠭᠤᠳᠠᠯ᠎ᠢ ᠰᠢᠢ᠍ᠳᠪᠦᠷᠢᠯᠡᠨ᠂ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠵᠦ᠂ ᠬᠢᠨᠠᠨ ᠬᠠᠷᠭᠤᠭᠤᠯᠬᠤ ᠴᠠᠭ᠎ᠤᠨ ᠬᠢᠵᠠᠭ᠋ᠠᠷ᠎ᠢ ᠪᠣᠭᠣᠨᠢᠰᠬᠠᠨ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠣᠶ ᠰᠢᠭᠤᠶ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ ᠵᠦᠢ᠍ᠯ᠎ᠢ ᠲᠡᠷᠡ ᠳᠠᠷᠤᠶᠳᠤᠨᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠬᠢᠨᠠᠨ ᠵᠦᠪᠰᠢᠶᠡᠷᠡᠯ᠎ᠢ ᠬᠤᠢ᠌ᠰᠢᠯᠠᠭᠤᠯᠬᠤ ᠥᠬᠡᠶ ᠪᠠᠶ᠋ᠢᠬᠤ ᠵᠢ ᠪᠡᠶᠡᠯᠡᠭᠦᠯᠦᠨ᠎ᠡ᠃
ᠰᠠᠨᠠᠭ᠋ᠠᠴᠢᠯᠠᠭ᠎ᠠ᠎ᠠᠴᠠ᠎ᠪᠠᠨ ᠬᠤᠰᠢᠭᠤᠴᠢᠯᠠᠨ ᠦᠢ᠍ᠯᠡᠴᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠪᠥᠬᠥ ᠶᠠᠪᠤᠴᠠ ᠵᠢ ᠮᠥᠷᠳᠡᠨ ᠳᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠤᠰᠢᠭᠤᠴᠢᠯᠠᠵᠤ᠂ ᠣᠨᠣᠪᠴᠢᠲᠠᠶ ᠦᠢ᠍ᠯᠡᠴᠢᠯᠡᠨ᠂ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠬᠢᠨᠠᠬᠤ᠎ᠠᠴᠠ ᠡᠮᠦᠨᠡᠬᠢ ᠬᠠᠪᠰᠤᠷᠤᠨ ᠵᠢᠯᠣᠭᠣᠳᠬᠤ ᠵᠢ ᠪᠣᠳᠠᠲᠠᠶ ᠪᠥᠭᠡᠳ ᠨᠠᠷᠢᠯᠢᠭ ᠬᠢᠵᠦ᠂ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠬᠥᠳᠡᠯᠦᠩᠭᠦᠶ ᠡᠬᠡ ᠲᠠᠩᠰᠠ ᠪᠠᠶ᠋ᠢᠭᠤᠯᠤᠨ᠂ ᠬᠢᠨᠠᠨ ᠵᠥᠪᠰᠢᠶᠡᠷᠡᠬᠦ ᠠᠬᠢᠴᠠ᠂ ᠣᠷᠣᠰᠢᠵᠤ ᠪᠠᠶ᠋ᠢᠭ᠎ᠠ ᠠᠰᠠᠭᠤᠳᠠᠯ᠎ᠢ ᠲᠡᠮᠳᠡᠭᠯᠡᠵᠦ᠂ ᠴᠠᠭ ᠲᠤᠬᠠᠶ᠎ᠳᠤᠨᠢ ᠬᠤᠷᠠᠯ ᠵᠶ᠋ᠡᠷ ᠳᠠᠮᠵᠢᠨ ᠰᠤᠳᠤᠯᠵᠤ᠂ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ᠎ᠳᠤ ᠬᠦᠴᠢᠷᠲᠡᠶ ᠲᠠᠯ᠎ᠠ ᠵᠢ ᠵᠠᠳᠠᠯᠤᠨ᠂ ᠬᠤᠭᠤᠴᠠᠭ᠎ᠠ ᠬᠢᠵᠠᠭ᠋ᠠᠷᠯᠠᠨ ᠵᠥᠪᠳᠡᠯᠴᠡᠨ ᠰᠢᠢ᠍ᠳᠪᠦᠷᠢᠯᠡᠵᠦ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠥᠷᠥᠯ ᠵᠦᠢ᠍ᠯ᠎ᠳᠤ ᠬᠢᠨᠠᠨ ᠵᠥᠪᠰᠢᠶᠡᠷᠡᠬᠦ ᠭᠠᠷᠳᠠᠮ᠎ᠢ ᠭᠦᠢ᠍ᠴᠡᠳᠬᠡᠵᠦ᠂ ᠡᠯ᠎ᠡ ᠲᠥᠷᠥᠯ ᠵᠦᠢ᠍ᠯ᠎ᠤᠨ ᠵᠢᠱ᠌ᠢᠭᠰᠡᠨ ᠬᠠᠷᠠᠯᠲᠠ᠎ᠳᠤ ᠬᠥᠷᠬᠥ ᠵᠢ ᠦᠨᠡᠨᠬᠦ ᠪᠠᠲᠤᠯᠠᠨ᠎ᠠ᠃