ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 43 ᠳ᠋ᠤᠭ᠋ᠠᠷ ᠬᠤᠭᠤᠴᠠᠭ᠋ᠠᠨ᠎ᠤ 《ᠰᠢᠪᠠᠭᠤ ᠵᠢ ᠬᠠᠮᠠᠭ᠋ᠠᠯᠠᠬᠤ ᠭᠠᠷᠠᠭ》᠎ᠤᠨ ᠤᠬᠠᠭᠤᠯᠭ᠎ᠠ ᠵᠢᠨ ᠠᠵᠢᠯᠯᠠᠭ᠎ᠠ ᠤᠯᠠᠭ᠋ᠠᠨᠰᠤᠬᠠᠢ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-04-25


     4 ᠰᠠᠷ᠎ᠠ ᠵᠢᠨ 22᠎ᠤᠨ ᠡᠳᠦᠷ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 43 ᠳ᠋ᠤᠭ᠋ᠠᠷ ᠬᠤᠭᠤᠴᠠᠭ᠋ᠠᠨ᠎ᠤ 《ᠰᠢᠪᠠᠭᠤ ᠵᠢ ᠬᠠᠮᠠᠭ᠋ᠠᠯᠠᠬᠤ ᠭᠠᠷᠠᠭ》 ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠤᠯᠠᠭ᠋ᠠᠨᠰᠤᠬᠠᠢ᠎ᠳᠤ ᠶᠠᠪᠤᠭᠳᠠᠪᠠ᠃ ᠲᠣᠰ ᠤᠳᠠᠭ᠋ᠠᠨ᠎ᠤ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠤᠷᠠᠳ᠎ᠤᠨ ᠡᠮᠦᠨᠡᠲᠦ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠭᠤᠤᠯᠯᠠᠨ ᠡᠷᠭᠢᠯᠡᠵᠦ᠂ ᠥᠪᠥᠷ ᠮᠣᠩᠭᠣᠯ᠎ᠤᠨ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ ᠬᠠᠮᠵᠢᠯᠴᠠᠨ ᠡᠷᠭᠢᠯᠡᠪᠡ᠃ ᠡᠨᠡ ᠵᠢᠯ᠎ᠤᠨ 《ᠰᠢᠪᠠᠭᠤ ᠵᠢ ᠬᠠᠮᠠᠭ᠋ᠠᠯᠠᠬᠤ ᠭᠠᠷᠠᠭ》᠎ᠤᠨ ᠠᠵᠢᠯᠯᠠᠭ᠎ᠠ ᠵᠢᠨ ᠭᠤᠤᠯ ᠰᠡᠳᠦᠪ ᠪᠣᠯ 《ᠬᠠᠮᠠᠭ᠋ᠠᠯᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ》 ᠶᠠᠪᠤᠳᠠᠯ ᠪᠣᠯᠤᠨ᠎ᠠ᠃

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ᠎ᠨᠢ ᠣᠯᠠᠨ ᠲᠦᠷᠦᠯ᠎ᠤᠨ ᠠᠵᠢᠯᠯᠠᠭ᠎ᠠ ᠵᠢ ᠨᠠᠷᠢᠨ ᠨᠢᠮᠪᠠᠶ ᠪᠡᠯᠡᠳᠬᠡᠵᠦ᠂ 4 ᠰᠠᠷ᠎ᠠ ᠵᠢᠨ 22᠎ᠤᠨ ᠡᠳᠦᠷ᠂ 《ᠡᠬᠢᠯᠡᠯᠲᠡ ᠵᠢᠨ ᠶᠣᠰᠣᠯᠠᠯ + ᠲᠤᠰᠬᠠᠶ ᠰᠡᠳᠦᠪᠲᠦ ᠲᠠᠶ᠋ᠢᠯᠤᠮᠵᠢ + ᠡᠯ᠎ᠡ ᠠᠶ᠋ᠢᠮᠠᠭ ᠬᠣᠲᠠ ᠵᠢᠨ ᠤᠷᠤᠯᠴᠠᠯᠭ᠎ᠠ》 ᠵᠢᠨ ᠬᠡᠯᠪᠡᠷᠢ᠎ᠪᠠᠷ ᠪᠠᠶᠠᠯᠢᠭ ᠰᠠᠶ᠋ᠢᠬᠠᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠡᠬᠢᠯᠡᠯᠲᠡ ᠵᠢᠨ ᠶᠣᠰᠣᠯᠠᠯ᠎ᠤᠨ ᠲᠤᠬᠠᠶ ᠵᠢᠨ ᠲᠠᠯᠠᠪᠠᠶ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠰᠠᠭᠤᠨ ᠯᠠᠪᠯᠠᠬᠤ ᠲᠠᠪᠴᠠᠩ ᠲᠤᠬᠢᠷᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠢᠨ᠎ᠡ ᠠᠷᠭ᠎ᠠ ᠪᠤᠳᠤᠯᠭ᠎ᠠ ᠪᠠ ᠲᠦᠷᠢᠮ ᠲᠤᠭᠲᠠᠭ᠋ᠠᠯ᠎ᠢ ᠤᠬᠠᠭᠤᠯᠬᠤ ᠵᠢᠨ ᠬᠠᠮᠲᠤ ᠰᠢᠪᠠᠭᠤᠨ᠎ᠤ ᠲᠥᠷᠥᠯ᠎ᠤᠨ ᠬᠡᠷᠡᠯ ᠵᠢᠷᠤᠭ᠎ᠤᠨ ᠪᠦᠲᠦᠭᠡᠯ᠎ᠢ ᠳᠡᠯᠭᠡᠨ ᠦᠵᠡᠬᠦᠯᠵᠦ᠂ ᠰᠢᠪᠠᠭᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠬᠢᠪᠡ᠃

     ᠡᠬᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠡᠢ᠌ᠲᠡ ᠵᠢᠨ ᠳ᠋ᠤᠭ᠋ᠠᠷ᠎ᠲᠤ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠪᠠ ᠦᠨᠳᠦᠰᠦᠨ ᠱᠠᠲᠤᠨ᠎ᠤ  ᠲᠤᠰᠬᠠᠶ ᠮᠡᠷᠭᠡᠵᠢᠯᠲᠡᠨ᠎ᠢ ᠤᠷᠢᠵᠤ᠂  《ᠰᠢᠪᠠᠭᠤᠨ᠎ᠤ ᠲᠥᠷᠥᠯ᠎ᠤᠨ ᠬᠠᠮᠢᠶ᠎ᠠ ᠪᠦᠬᠦᠢ ᠮᠡᠳᠡᠯᠭᠡ ᠵᠢ ᠤᠢ᠌ᠯᠠᠭ᠋ᠠᠬᠤ ᠤᠤ? 》᠂ 《ᠲᠠᠨ᠎ᠤ ᠳᠡᠷᠭᠡᠳᠡᠬᠢ ᠭᠠᠵᠠᠷ ᠰᠢᠨᠵᠢᠯᠡᠭᠡᠨ᠎ᠤ ᠴᠡᠴᠡᠷᠯᠢᠭ》 ᠰᠡᠲᠤᠪᠲᠤ ᠨᠡᠶ᠋ᠢᠲᠡ ᠵᠢᠨ ᠠᠰᠠᠷᠠᠮᠵᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠬᠢᠪᠡ᠃ ᠲᠠᠢ᠌ᠯᠤᠮᠵᠢ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠡᠬᠢᠵᠢᠭᠦᠯᠵᠦ᠂ ᠣᠯᠠᠨ ᠨᠡᠶ᠋ᠢᠲᠡ ᠵᠢᠨ ᠠᠮᠢ ᠠᠬᠤᠶ ᠵᠢ ᠬᠠᠮᠠᠭ᠋ᠠᠯᠠᠬᠤ ᠦᠵᠡᠯ ᠤᠬᠠᠮᠰᠠᠷ ᠪᠠ ᠰᠢᠪᠠᠭᠤ ᠵᠢ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠬᠦᠯᠵᠦ᠂ ᠪᠥᠬᠥ ᠠᠷᠠᠳ ᠎ᠲᠤ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠤᠬᠢᠴᠠᠩᠭᠤᠢ ᠤᠷᠤᠰᠢᠬᠤ ᠪᠠ ᠦᠵᠡᠰᠬᠦᠯᠡᠩᠲᠦ ᠰᠠᠶ᠋ᠢᠬᠠᠨ ᠬᠡᠷ ᠣᠷᠣᠨ᠎ᠢ ᠬᠠᠮᠲᠤ᠎ᠪᠠᠷ ᠪᠠᠶ᠋ᠢᠭᠤᠯᠬᠤ ᠵᠢ ᠤᠷᠢᠶᠠᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠲᠡᠷᠢᠭᠦᠨ᠎ᠤ ᠮᠠᠰᠢᠨ ᠲᠣᠨᠣᠭᠯᠠᠯ᠎ᠤᠨ ᠠᠬᠤᠢ ᠲᠠᠯᠠᠪᠠᠢ ᠵᠢᠨ ᠦᠵᠡᠬᠦᠯᠦᠯᠭᠡ ᠤᠷᠳᠤᠰ ᠬᠤᠳᠠ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠣᠳᠣ ᠳᠠᠷᠢᠵᠤ ᠨᠣᠭᠣᠭ᠋ᠠᠷᠠᠭᠤᠯᠤᠨ ᠬᠣᠶᠠᠷ ᠬᠠᠯᠬᠠᠪᠴᠢ ᠵᠢ ᠪᠠᠲᠤ ᠴᠣᠭᠴᠠᠯᠠᠬᠤ》 ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠶᠠᠪᠤᠭᠳᠠᠭᠤᠯᠪᠠ
ᠳᠡᠳ᠋ ᠲᠣᠪᠴᠢᠶᠠᠨ ᠳᠠᠷᠤᠭ᠎ᠠ ᠮᠠ ᠴᠢᠶᠠᠩ ᠪᠦᠯᠬᠦᠮ ᠳᠠᠭ᠋ᠠᠭᠤᠯᠤᠨ ᠥᠪᠥᠷ ᠮᠣᠩᠭᠣᠯ᠎ᠤᠨ ᠬᠤᠪᠢᠶᠠᠷᠢ ᠬᠥᠮᠥᠷᠭᠡ ᠵᠢᠨ ᠪᠠᠷᠢᠯᠭ᠎ᠠ ᠵᠢᠨ ᠲᠤᠬᠠᠶ ᠵᠢᠨ ᠲᠠᠯᠠᠪᠠᠢ᠎ᠳᠤ ᠬᠦᠷᠴᠦ ᠠᠶᠤᠯᠭᠦᠶ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠪᠠ ᠪᠠᠷᠢᠯᠭ᠎ᠠ ᠵᠢᠨ ᠠᠬᠢᠴᠠ ᠵᠢ ᠬᠢᠨᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠤᠰᠬᠠᠶ ᠰᠡᠳᠦᠪᠲᠦ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠭᠠᠯ᠎ᠢ ᠰᠡᠷᠭᠡᠢ᠌ᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠠᠮ ᠱᠤᠭᠤᠮ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠪᠠ
 
             蒙ICP备05000248号