ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠲᠡᠷᠢᠭᠦᠨ᠎ᠤ ᠮᠠᠰᠢᠨ ᠲᠣᠨᠣᠭᠯᠠᠯ᠎ᠤᠨ ᠠᠬᠤᠢ ᠲᠠᠯᠠᠪᠠᠢ ᠵᠢᠨ ᠦᠵᠡᠬᠦᠯᠦᠯᠭᠡ ᠤᠷᠳᠤᠰ ᠬᠤᠳᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-04-28

   
    ᠣᠶ ᠰᠢᠭᠤᠶ ᠨᠤᠲᠤᠭ ᠪᠡᠯᠴᠢᠭᠡᠷ᠎ᠤᠨ ᠮᠠᠰᠢᠨᠴᠢᠯᠠᠯᠲᠠ ᠵᠢᠨ ᠬᠢᠷᠢ ᠬᠡᠮᠵᠢᠶ᠎ᠡ ᠵᠢ ᠲᠦᠷᠭᠡᠳᠬᠡᠨ ᠳᠡᠭᠡᠭᠰᠢᠯᠡᠭᠦᠯᠵᠦ᠂ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ 4 ᠰᠠᠷ᠎ᠠ ᠵᠢᠨ 22᠎ᠤᠨ ᠡᠳᠦᠷ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦᠷᠬᠡᠭᠵᠢᠯ᠎ᠢ ᠵᠠᠰᠠᠬᠤ ᠲᠡᠷᠢᠭᠦᠨ᠎ᠤ ᠮᠠᠰᠢᠨ ᠲᠣᠨᠣᠭᠯᠠᠯ᠎ᠤᠨ ᠠᠬᠤᠶ ᠲᠠᠯᠠᠪᠠᠶ ᠵᠢᠨ ᠦᠵᠡᠬᠦᠯᠦᠯᠭᠡ ᠣᠷᠳᠣᠰ ᠬᠣᠲᠠ ᠵᠢᠨ ᠳᠠᠯᠠᠳ ᠬᠣᠰᠢᠭᠤᠨ᠎ᠤ ᠡᠩᠬᠡᠪᠡᠢ ᠵᠢᠨ ᠠᠮᠢ ᠠᠬᠤᠶ ᠵᠢᠨ ᠵᠢᠱ᠌ᠢᠶ᠎ᠡ ᠦᠵᠡᠭᠦᠯᠬᠦ ᠣᠷᠣᠨ᠎ᠳᠤ ᠶᠠᠪᠤᠭᠳᠠᠪᠠ᠃


    ᠲᠣᠰ ᠤᠳᠠᠭ᠋ᠠᠨ᠎ᠤ ᠠᠵᠢᠯᠯᠠᠭ᠎ᠠ ᠵᠢ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠣᠷᠳᠣᠰ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠪᠡ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠷᠠᠨ ᠳ᠋ᠦᠩ ᠶᠠ᠂ ᠳᠤᠮᠳᠠᠳᠤ ᠤᠯᠤᠰ᠎ᠤᠨ ᠣᠢ ᠰᠢᠭᠤᠶ ᠵᠢᠨ ᠮᠠᠰᠢᠨ ᠮᠸᠬᠠᠨᠢᠭ᠎ᠤᠨ ᠨᠡᠶ᠋ᠢᠭᠡᠮᠯᠢᠭ᠎ᠤᠨ ᠳᠠᠷᠤᠭ᠎ᠠ ᠯᠢᠦ ᠴᠢᠶᠦᠢ᠍ᠨ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠪᠴᠢᠶᠠᠨ ᠳᠠᠷᠤᠭ᠎ᠠ ᠸᠠᠩ ᠵᠣᠣ ᠱᠧᠩ᠂ ᠬᠥᠬᠡᠨᠠᠭᠤᠷ ᠮᠤᠵᠢ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠳᠡᠳ᠋ ᠲᠤᠪᠴᠢᠶᠠᠨ ᠳᠠᠷᠤᠭ᠎ᠠ ᠶᠠᠨ ᠲᠢᠩ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠲᠢᠩᠬᠢᠮ᠎ᠤᠨ ᠳᠠᠷᠤᠭ᠎ᠠ ᠢᠦᠶ ᠸᠧᠶ᠂ ᠣᠷᠳᠣᠰ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠡᠷᠳᠡᠨᠢᠪᠢᠯᠢᠭ᠂ ᠳᠠᠯᠠᠳ ᠬᠣᠰᠢᠭᠤᠨ᠎ᠤ ᠨᠠᠮ᠎ᠤᠨ ᠬᠣᠷᠢᠶᠠᠨ᠎ᠤ ᠱᠦᠵᠢ ᠵᠠᠩ ᠰᠢᠤ ᠯᠢᠩ ᠵᠢᠴᠢ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠂ ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠡᠰᠡᠭ ᠬᠣᠰᠢᠭᠤ ᠰᠢᠶᠠᠨ᠎ᠤ ᠵᠠᠰᠠᠭ᠎ᠤᠨ ᠣᠷᠳᠣᠨ᠂ ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠰᠢᠨ ᠲᠣᠨᠣᠭᠯᠠᠯ᠎ᠤᠨ ᠠᠵᠤ ᠠᠬᠤᠶ᠋ᠢᠯᠠᠯ᠂ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠪᠣᠯᠤᠨ ᠶᠡᠬᠡ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢ 300 ᠰᠢᠬᠠᠮ ᠬᠥᠮᠦᠨ ᠣᠷᠣᠯᠴᠠᠵᠠᠢ᠃
     ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ 20 ᠭᠠᠷᠤᠶ ᠠᠵᠤ ᠠᠬᠤᠶ᠋ᠢᠯᠠᠯ᠎ᠤᠨ ᠣᠶ ᠰᠢᠭᠤᠶ ᠵᠢ ᠬᠠᠮᠢᠶᠠᠷᠤᠨ ᠬᠠᠮᠠᠭ᠋ᠠᠯᠠᠬᠤ ᠮᠠᠰᠢᠨ ᠮᠧᠬᠠᠨᠢᠭ᠂ ᠣᠯᠠᠨ ᠵᠦᠢ᠍ᠯ᠎ᠤᠨ ᠡᠯᠡᠰᠦᠨ ᠬᠠᠯᠬᠠᠪᠴᠢ ᠳᠡᠪᠢᠰᠬᠦ ᠮᠠᠰᠢᠨ ᠮᠧᠬᠠᠨᠢᠭ᠂ ᠵᠢᠯᠣᠭᠣᠴᠢ ᠥᠬᠡᠶ ᠨᠢᠰᠬᠡᠯ᠂ ᠲᠡᠭᠡᠭᠡᠪᠦᠷᠢ ᠵᠢᠨ ᠲᠡᠷᠭᠡ᠂ ᠣᠨᠴᠠ ᠲᠥᠷᠥᠯ᠎ᠤᠨ ᠲᠡᠷᠭᠡ ᠬᠥᠰᠬᠡ ᠵᠡᠷᠭᠡ 130 ᠭᠠᠷᠤᠢ ᠮᠠᠨ᠎ᠤ ᠤᠯᠤᠰ᠎ᠤᠨ ᠣᠳᠣᠬᠠᠨ᠎ᠤ ᠬᠠᠮᠤᠭ᠎ᠤᠨ ᠲᠡᠷᠢᠭᠦᠨ᠎ᠤ ᠪᠥᠭᠡᠳ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠮᠠᠰᠢᠨ ᠲᠣᠨᠣᠭᠯᠠᠯ᠎ᠢ ᠳᠡᠯᠭᠡᠨ ᠦᠵᠡᠭᠦᠯᠵᠡᠶ᠃ ᠡᠯᠡᠰᠦᠨ ᠬᠠᠯᠬᠠᠪᠴᠢ ᠳᠡᠪᠢᠰᠬᠦ ᠮᠠᠰᠢᠨ᠂ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠮᠠᠰᠢᠨ ᠬᠥᠮᠦᠨ᠂ ᠡᠯᠡᠰᠦᠨ ᠬᠠᠯᠬᠠᠪᠴᠢ ᠳᠡᠪᠢᠰᠬᠦ ᠪᠠ ᠪᠤᠲᠠ ᠮᠣᠳᠣ ᠵᠠᠢ᠌ᠯᠠᠬᠤ ᠵᠢ ᠨᠢᠭᠡ ᠴᠤᠭᠴᠠᠵᠢᠭᠤᠯᠤᠭᠰᠠᠨ ᠮᠠᠰᠢᠨ᠂ ᠡᠯᠡᠰᠦ ᠲᠣᠭᠲᠠᠪᠤᠷᠢᠵᠢᠭᠤᠯᠬᠤ ᠮᠠᠰᠢᠨ᠂ ᠮᠸᠬᠠᠨᠢᠭᠵᠢᠭᠤᠯᠤᠭᠰᠠᠨ ᠴᠢᠬᠢ ᠰᠠᠭᠤᠯᠭ᠋ᠠᠬᠤ ᠮᠠᠰᠢᠨ᠂  ᠲᠡᠭᠡᠭᠡᠪᠦᠷᠢ ᠵᠢᠨ ᠲᠡᠷᠭᠡ ᠵᠡᠷᠭᠡ 30 ᠭᠠᠷᠤᠢ ᠵᠦᠢ᠍ᠯ᠎ᠤᠨ ᠮᠠᠰᠢᠨ ᠲᠦᠬᠦᠭᠡᠷᠤᠮᠵᠢ ᠵᠢ ᠠᠵᠢᠯᠯᠠᠭᠤᠯᠵᠤ ᠦᠵᠡᠬᠦᠯᠦᠯᠭᠡ ᠬᠢᠪᠡ᠃ ᠠᠵᠤ ᠠᠬᠤᠶ᠋ᠢᠯᠠᠯ᠎ᠤᠨ ᠲᠤᠰᠬᠠᠶ ᠮᠡᠷᠭᠡᠵᠢᠯᠲᠡᠨ ᠪᠠ ᠮᠡᠷᠭᠡᠵᠢᠯ᠎ᠤᠨ ᠠᠵᠢᠯᠲᠠᠨ ᠲᠤᠬᠠᠶ ᠵᠢᠨ ᠲᠠᠯᠠᠪᠠᠶ᠎ᠳᠤ ᠲᠡᠷᠢᠭᠦᠨ᠎ᠤ ᠮᠧᠬᠠᠨᠢᠭ ᠲᠣᠨᠣᠭᠯᠠᠯ᠎ᠤᠨ ᠣᠨᠴᠠᠯᠢᠭ ᠪᠠ ᠳᠠᠪᠠᠭᠤᠯᠢᠭ᠎ᠢ ᠨᠠᠷᠢᠨ ᠲᠠᠨᠢᠯᠴᠠᠭᠤᠯᠵᠤ᠂ ᠲᠣᠭᠣᠷᠢᠨ ᠦᠵᠡᠭᠰᠡᠳ᠎ᠤᠨ ᠤᠢ᠌ᠯᠠᠭ᠋ᠠᠯᠲᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 
    ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠤᠨ ᠪᠡᠯᠭᠡ ᠲᠡᠮᠳᠡᠭ᠎ᠤᠨ ᠴᠢᠨᠠᠷᠲᠠᠢ ᠭᠤᠷᠪᠠᠨ ᠶᠡᠬᠡ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠲᠡᠷᠢᠭᠦᠨ᠎ᠤ ᠲᠣᠨᠣᠭᠯᠠᠯ ᠪᠣᠯᠤᠨ ᠮᠡᠷᠭᠡᠵᠢᠯ᠎ᠤᠨ ᠲᠤᠯᠭ᠋ᠠᠭᠤᠷᠢᠯᠠᠯ᠎ᠠᠴᠠ ᠰᠠᠯᠵᠤ ᠪᠤᠯᠤᠰᠢ ᠦᠭᠡᠢ ᠶᠤᠮ᠃ ᠰᠢᠨ᠎ᠡ ᠬᠡᠯᠪᠡᠷᠢ ᠵᠢᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠲᠠᠷᠢᠵᠦ ᠵᠠᠢ᠌ᠯᠠᠬᠤ ᠮᠠᠰᠢᠨ ᠬᠥᠮᠦᠨ ᠪᠣᠯ ᠬᠥᠷᠥᠰᠥ ᠰᠤᠯᠠᠷᠠᠭᠤᠯᠬᠤ᠂ ᠴᠢᠬᠢ ᠰᠠᠭᠤᠯᠭ᠋ᠠᠬᠤ᠂ ᠤᠰᠤᠯᠠᠬᠤ᠂ ᠪᠤᠯᠠᠬᠤ ᠵᠢ ᠨᠢᠭᠡ ᠴᠣᠭᠴᠠᠵᠢᠭᠤᠯᠤᠭᠰᠠᠨ ᠠᠦ᠋ᠲ᠋ᠣᠴᠢᠯᠠᠭᠰᠠᠨ ᠲᠥᠬᠥᠭᠡᠷᠦᠮᠵᠢ ᠪᠣᠯᠤᠨ᠎ᠠ᠃ ᠲᠣᠰ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠨᠢᠭᠡ ᠰᠠᠭᠤᠷᠢ ᠮᠣᠳᠣ ᠳᠠᠷᠢᠬᠤ ᠮᠠᠰᠢᠨ ᠬᠥᠮᠦᠨ ᠨᠢᠭᠡ ᠤᠳᠠᠭ᠎ᠠ᠎ᠳᠤ 3 ᠲᠣᠨ ᠤᠰᠤ ᠠᠴᠢᠶᠠᠯᠠᠵᠤ᠂ 3600 ᠰᠠᠭᠤᠷᠢ ᠴᠢᠬᠢ ᠰᠠᠭᠤᠯᠭ᠋ᠠᠵᠤ᠂ 4 ᠰᠧᠺᠦ᠋ᠨ᠋ᠳ᠋᠎ᠲᠤ ᠨᠢᠭᠡ ᠰᠠᠭᠤᠷᠢ ᠮᠣᠳᠣ ᠳᠠᠷᠢᠵᠤ ᠪᠣᠯᠤᠨ᠎ᠠ᠃
    ᠠᠬᠤᠶ ᠲᠠᠯᠠᠪᠠᠶ ᠵᠢᠨ ᠦᠵᠡᠭᠦᠯᠦᠯᠭᠡ᠎ᠪᠠᠷ ᠳᠡᠮᠵᠢᠨ᠂ ᠲᠣᠭᠣᠷᠢᠨ ᠦᠵᠡᠭᠴᠢᠳ᠎ᠲᠤ ᠮᠧᠬᠠᠨᠢᠭ ᠲᠣᠨᠣᠭᠯᠠᠯ᠎ᠤᠨ ᠬᠦᠴᠦᠷᠬᠡᠭ ᠶᠡᠬᠡ ᠴᠢᠳᠠᠮᠵᠢ᠂ ᠥᠨᠳᠥᠷ ᠪᠦᠲᠦᠮᠵᠢᠲᠡᠶ ᠠᠵᠢᠯ᠎ᠤᠨ ᠶᠠᠪᠤᠴᠠ ᠪᠠ ᠠᠵᠢᠯ᠎ᠤᠨ ᠦᠷ᠎ᠡ ᠪᠦᠲᠦᠮᠵᠢ ᠵᠢ ᠬᠠᠷᠠᠭᠤᠯᠤᠭᠰᠠᠨ ᠪᠠᠢ᠌ᠨ᠎ᠠ᠃ ᠡᠭᠦᠨ᠎ᠤ ᠬᠠᠮᠲᠤ᠂ ᠲᠡᠷᠢᠭᠦᠨ᠎ᠤ ᠮᠠᠰᠢᠨ ᠲᠣᠨᠣᠭᠯᠠᠯ᠎ᠢ ᠳᠡᠯᠭᠡᠷᠡᠭᠦᠯᠦᠨ ᠬᠡᠷᠡᠭᠯᠡᠬᠦ ᠵᠢ ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠲᠣᠨᠣᠭᠯᠠᠯ᠂ ᠰᠢᠨ᠎ᠡ ᠤᠷᠠᠯᠠᠯ᠂ ᠰᠢᠨ᠎ᠡ ᠵᠠᠭᠪᠤᠷ ᠵᠶ᠋ᠠᠷ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠪᠠ 《ᠭᠤᠷᠪᠠᠨ ᠤᠮᠠᠷᠠᠲᠤ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠨᠡᠩ ᠰᠠᠶ᠋ᠢᠲᠤᠷ ᠠᠬᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ ᠢᠯᠠᠯᠲᠠ ᠤᠯᠬᠤ᠎ᠳᠤ ᠨᠡᠩ ᠰᠢᠨᠵᠢᠯᠡᠬᠦ ᠤᠬᠠᠭ᠋ᠠᠨᠴᠢ᠂ ᠪᠣᠳᠠᠲᠤ ᠬᠡᠷᠡᠭᠴᠡᠭᠡ᠎ᠲᠠᠢ ᠲᠡᠷᠢᠭᠦᠨ᠎ᠤ ᠮᠠᠰᠢᠨ ᠲᠥᠬᠥᠭᠡᠷᠦᠮᠵᠢ ᠵᠢ ᠬᠠᠩᠭ᠋ᠠᠪᠠ᠃
    ᠠᠵᠢᠯᠯᠠᠭ᠎ᠠ ᠵᠢᠨ ᠬᠤᠭᠤᠴᠠᠭ᠋ᠠᠨ᠎ᠳᠤ᠂ ᠲᠦᠷᠦᠭᠦᠦ ᠪᠦᠯᠦᠭ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠮᠠᠰᠢᠨ ᠲᠣᠨᠣᠭᠯᠠᠯ᠎ᠤᠨ ᠲᠠᠨᠢᠯᠴᠠᠭᠤᠯᠤᠭᠰᠠᠨ ᠦᠷ᠎ᠡ ᠪᠦᠲᠦᠭᠡᠯ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠤᠨ 《ᠮᠠᠩᠯᠠᠢ》 ᠲᠥᠷᠥᠯ ᠵᠦᠢ᠍ᠯ᠎ᠢ ᠤᠬᠠᠭᠤᠯᠤᠨ ᠲᠠᠨᠢᠯᠴᠠᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ 4 ᠮᠠᠰᠢᠨ ᠮᠧᠬᠠᠨᠢᠭ᠎ᠤᠨ ᠠᠵᠢᠯᠯᠠᠬᠤ ᠠᠩᠭᠢ᠎ᠳᠤ ᠲᠣᠭ ᠣᠯᠭᠣᠵᠤ᠂ ᠬᠡᠰᠡᠭ ᠨᠢᠭᠡᠴᠡ ᠬᠢᠭᠡᠳ ᠠᠵᠤ ᠠᠬᠤᠶ᠋ᠢᠯᠠᠯ ᠮᠠᠰᠢᠨ ᠲᠣᠨᠣᠭᠯᠠᠯ ᠬᠤᠳᠠᠯᠳᠤᠨ ᠠᠪᠬᠤ ᠰᠠᠨᠠᠮᠵᠢ ᠵᠢᠨ ᠵᠥᠪᠯᠡᠯᠴᠡᠭᠡᠷ ᠲᠣᠭᠲᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠣᠳᠣ ᠳᠠᠷᠢᠵᠤ ᠨᠣᠭᠣᠭ᠋ᠠᠷᠠᠭᠤᠯᠤᠨ ᠬᠣᠶᠠᠷ ᠬᠠᠯᠬᠠᠪᠴᠢ ᠵᠢ ᠪᠠᠲᠤ ᠴᠣᠭᠴᠠᠯᠠᠬᠤ》 ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠶᠠᠪᠤᠭᠳᠠᠭᠤᠯᠪᠠ
ᠳᠡᠳ᠋ ᠲᠣᠪᠴᠢᠶᠠᠨ ᠳᠠᠷᠤᠭ᠎ᠠ ᠮᠠ ᠴᠢᠶᠠᠩ ᠪᠦᠯᠬᠦᠮ ᠳᠠᠭ᠋ᠠᠭᠤᠯᠤᠨ ᠥᠪᠥᠷ ᠮᠣᠩᠭᠣᠯ᠎ᠤᠨ ᠬᠤᠪᠢᠶᠠᠷᠢ ᠬᠥᠮᠥᠷᠭᠡ ᠵᠢᠨ ᠪᠠᠷᠢᠯᠭ᠎ᠠ ᠵᠢᠨ ᠲᠤᠬᠠᠶ ᠵᠢᠨ ᠲᠠᠯᠠᠪᠠᠢ᠎ᠳᠤ ᠬᠦᠷᠴᠦ ᠠᠶᠤᠯᠭᠦᠶ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠪᠠ ᠪᠠᠷᠢᠯᠭ᠎ᠠ ᠵᠢᠨ ᠠᠬᠢᠴᠠ ᠵᠢ ᠬᠢᠨᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠤᠰᠬᠠᠶ ᠰᠡᠳᠦᠪᠲᠦ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠭᠠᠯ᠎ᠢ ᠰᠡᠷᠭᠡᠢ᠌ᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠠᠮ ᠱᠤᠭᠤᠮ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠪᠠ
ᠣᠢ ᠰᠢᠭᠤᠶ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ ᠪᠠᠢ᠌ᠭ᠋ᠠᠯᠢ ᠵᠢᠨ ᠤᠢ ᠵᠢ ᠬᠠᠮᠠᠭ᠋ᠠᠯᠠᠬᠤ ᠢᠨᠵᠧᠨᠧᠷᠢᠩ᠎ᠤᠨ ᠣᠷᠣᠨ᠎ᠠᠴᠠ ᠪᠤᠰᠤᠳ ᠣᠭᠲᠣᠯᠬᠤ ᠵᠢ ᠵᠣᠭᠰᠣᠭ᠋ᠠᠭᠰᠠᠨ ᠤᠯᠤᠰ᠎ᠤᠨ ᠦᠮᠴᠢᠯᠡᠯᠲᠦ ᠣᠢ ᠰᠢᠭᠤᠶ ᠵᠢᠨ ᠲᠠᠯᠠᠪᠠᠢ ᠵᠢᠨ ᠲᠠᠷᠢᠮᠠᠯ ᠣᠢ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠠᠵᠢᠯ᠎ᠢ ᠶᠠᠪᠤᠭᠳᠠᠭᠤᠯᠪᠠ᠃
 
             蒙ICP备05000248号