2024 ᠣᠨ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠤᠷᠠᠳᠤᠭᠰᠠᠨ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢᠨ 10 ᠵᠢᠯ᠎ᠤᠨ ᠤᠢ ᠪᠠ ᠶᠢᠰᠦᠳᠦᠭᠡᠷ 《4·15 ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ》 ᠪᠣᠯᠤᠨ᠎ᠠ᠂ ᠮᠥᠨ ᠴᠦ᠍ ᠰᠢᠨ᠎ᠡ ᠳᠤᠮᠳᠠᠳᠤ ᠤᠯᠤᠰ᠎ᠤᠨ ᠮᠣᠳᠣ ᠲᠠᠷᠢᠬᠤ ᠡᠳᠦᠷ ᠪᠠᠶ᠋ᠢᠭᠤᠯᠤᠭᠳᠠᠭᠰᠠᠨ 45 ᠵᠢᠯ᠎ᠤᠨ ᠤᠢ ᠪᠣᠯᠤᠨ᠎ᠠ᠃ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠵᠤ᠂ ᠤᠮᠠᠷᠠᠲᠤ ᠬᠢᠯᠢ ᠵᠢᠨ ᠠᠮᠤᠷ ᠲᠦᠪᠰᠢᠨ᠎ᠢ ᠪᠡᠬᠢᠵᠢᠭᠦᠯᠬᠦ ᠵᠢᠨ ᠲᠥᠯᠥᠭᠡ᠂ 4 ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ᠎ᠤᠨ ᠠᠮᠤᠷ ᠲᠦᠪᠰᠢᠨ᠎ᠤ ᠠᠵᠢᠯ᠎ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠮᠤᠷ ᠲᠦᠪᠰᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠨᠢᠭᠡᠴᠡ᠎ᠲᠠᠢ ᠬᠠᠮᠲᠤᠷᠠᠨ᠂ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢᠨ ᠬᠥᠮᠦᠵᠢᠯ᠎ᠤᠨ ᠮᠣᠳᠣ ᠳᠠᠷᠢᠬᠤ ᠰᠠᠭᠤᠷᠢᠨ ᠭᠠᠵᠠᠷ᠎ᠤᠨ ᠫᠠᠶ᠋ᠢᠰᠠ ᠰᠡᠬᠦᠬᠦ ᠶᠤᠰᠤᠯᠠᠯ ᠪᠠ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠵᠢ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ᠂ ᠬᠠᠮᠢᠶ᠎ᠠ ᠪᠥᠬᠥᠶ ᠲᠢᠩᠬᠢᠮ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ᠂ ᠡᠯ᠎ᠡ ᠨᠢᠭᠡᠴᠢ ᠵᠢᠨ ᠨᠠᠮ᠎ᠤᠨ ᠭᠡᠰᠢᠭᠦᠨ ᠺᠠᠳ᠋ᠷ ᠨᠡᠶ᠋ᠢᠲᠡ 150 ᠭᠠᠷᠤᠶ ᠬᠥᠮᠦᠨ ᠲᠣᠰ ᠤᠳᠠᠭ᠎ᠠ ᠵᠢᠨ ᠠᠵᠢᠯᠯᠠᠭ᠎ᠠ᠎ᠳᠤ ᠣᠷᠣᠯᠴᠠᠵᠠᠶ᠃

ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠡᠯ᠎ᠡ ᠬᠠᠮᠲᠤ᠎ᠪᠠᠷ ᠪᠥᠲᠥᠭᠡᠨ ᠪᠠᠶ᠋ᠢᠭᠤᠯᠬᠤ ᠨᠢᠭᠡᠴᠢ ᠰᠢᠯᠢᠳᠡᠭ ᠵᠠᠯᠠᠭᠤ ᠺᠠᠳ᠋ᠷ᠎ᠤᠨ ᠲᠥᠯᠥᠭᠡᠯᠡᠭᠴᠢ ᠵᠢ ᠰᠣᠩᠭᠣᠨ ᠲᠣᠮᠢᠯᠠᠵᠤ 《ᠤᠯᠤᠰ᠎ᠤᠨ ᠠᠮᠤᠷ ᠲᠦᠪᠰᠢᠨ᠎ᠤ ᠶᠡᠷᠦᠩᠬᠡᠶ ᠴᠣᠭᠴᠠ ᠵᠢᠨ ᠦᠵᠡᠯᠲᠡ ᠵᠢᠨ ᠬᠥᠮᠦᠵᠢᠯ᠎ᠤᠨ ᠮᠣᠳᠣ ᠳᠠᠷᠢᠬᠤ ᠰᠠᠭᠤᠷᠢᠨ》 ᠫᠠᠶ᠋ᠢᠰᠠ ᠰᠡᠬᠦᠵᠦ᠂ 75 ᠳ᠋ᠤᠭ᠋ᠠᠷ ᠲᠠᠪᠤᠨ ᠰᠠᠷ᠎ᠠ ᠵᠢᠨ ᠳᠥᠷᠪᠡᠨ᠎ᠤ ᠵᠠᠯᠠᠭᠤᠴᠤᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠵᠠᠯᠠᠭᠤ ᠺᠠᠳ᠋ᠷᠴᠤᠳ᠎ᠤᠨ ᠶᠡᠷᠦᠩᠬᠡᠶ ᠱᠦᠵᠢ ᠰᠢ ᠵᠢᠨ ᠫᠢᠩ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠢᠲᠡᠭᠡᠯ ᠵᠣᠷᠢᠭ᠎ᠢ ᠡᠷᠡᠰ ᠡᠭᠦᠷᠭᠡᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠠᠮᠤᠷ ᠲᠦᠪᠰᠢᠨ ᠪᠠ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠦᠵᠡᠯ ᠤᠬᠠᠮᠰᠠᠷ᠎ᠢ ᠢᠯᠡᠷᠡᠭᠦᠯᠪᠡ᠃

ᠫᠠᠶ᠋ᠢᠰᠠ ᠰᠡᠬᠦᠬᠦ ᠶᠣᠰᠣᠯᠠᠯ ᠳᠠᠭᠤᠰᠤᠭᠰᠠᠨ᠎ᠤ ᠳᠠᠷᠠᠭ᠎ᠠ᠂ ᠮᠣᠳᠣ ᠳᠠᠷᠢᠬᠤ ᠰᠠᠭᠤᠷᠢᠨ ᠭᠠᠵᠠᠷ᠎ᠤᠨ ᠲᠦᠷᠦᠭᠦᠦ ᠪᠦᠯᠦᠭ ᠴᠢᠬᠢ ᠮᠣᠳᠣ ᠵᠠᠶ᠋ᠢᠯᠠᠬᠤ ᠠᠵᠢᠯᠯᠠᠭ᠎ᠠ ᠥᠷᠨᠢᠭᠦᠯᠪᠡ᠃ ᠲᠣᠪᠴᠢᠶᠠᠨ ᠳᠠᠷᠤᠭ᠎ᠠ ᠸᠠᠩ ᠵᠣᠣ ᠱᠧᠩ ᠬᠠᠮᠢᠶ᠎ᠠ ᠪᠥᠬᠥᠶ ᠲᠢᠩᠬᠢᠮ ᠲᠣᠪᠴᠢᠶ᠎ᠠ ᠵᠢ ᠳᠠᠭ᠋ᠠᠭᠤᠯᠤᠨ ᠬᠠᠮᠲᠤ᠎ᠪᠠᠷ᠂ ᠮᠤᠳᠤ ᠵᠠᠢ᠌ᠯᠠᠵᠤ᠂ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠳᠤ ᠲᠠᠢ᠌ᠴᠢᠯᠠᠭᠴᠢ ᠬᠦᠴᠦᠨ ᠪᠤᠯᠤᠭᠰᠠᠨ ᠪᠠᠢ᠌ᠨ᠎ᠠ᠃ ᠨᠠᠮ᠎ᠤᠨ ᠭᠡᠰᠢᠭᠦᠨ ᠺᠠᠳ᠋ᠷ ᠮᠡᠷᠭᠡᠵᠢᠯ᠎ᠤᠨ ᠠᠵᠢᠯᠳᠠᠨ᠎ᠤ ᠵᠢᠯᠤᠭᠤᠳᠤᠯᠭ᠎ᠠ ᠳᠣᠣᠷ᠎ᠠ᠂ ᠭᠤᠷᠪᠠ ᠲᠠᠪᠤ᠎ᠪᠠᠷ ᠨᠢᠭᠡ ᠳᠤᠭᠤᠢ᠌ᠯᠠᠩ ᠪᠤᠯᠵᠤ᠂ ᠳᠤᠭᠤᠶ᠋ᠢᠯᠠᠩ᠎ᠤᠳ ᠬᠠᠷᠢᠯᠴᠠᠨ ᠬᠠᠮᠵᠢᠯᠴᠠᠵᠤ᠂ ᠬᠠᠶ᠋ᠢᠯᠠᠰᠤ᠂ ᠭᠠᠴᠤᠷ᠎ᠠ ᠵᠡᠷᠭᠡ 300 ᠭᠠᠷᠤᠢ ᠰᠠᠭᠤᠷᠢ ᠴᠢᠬᠢ ᠮᠣᠳᠣ ᠵᠢ ᠵᠠᠶ᠋ᠢᠯᠠᠪᠠ᠃

ᠲᠣᠰ ᠤᠳᠠᠭ᠋ᠠᠨ᠎ᠤ ᠠᠵᠢᠯᠯᠠᠭ᠎ᠠ᠎ᠪᠠᠷ ᠳᠡᠮᠵᠢᠨ᠂ 《ᠤᠮᠠᠷᠠᠲᠤ ᠣᠷᠣᠨ᠎ᠤ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠵᠤ᠂ ᠤᠮᠠᠷᠠᠲᠤ ᠬᠢᠯᠢ ᠵᠢᠨ ᠠᠮᠤᠷ ᠲᠦᠪᠰᠢᠨ ᠤ ᠬᠠᠯᠬᠠᠪᠴᠢ ᠵᠢ ᠪᠠᠲᠤ ᠴᠣᠭᠴᠠᠯᠠᠬᠤ》 ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠭᠤᠷ ᠠᠮᠢᠰᠬᠤᠯ᠎ᠢ ᠢᠳᠡᠪᠬᠢᠲᠡᠶ ᠪᠣᠶ ᠪᠣᠯᠭ᠋ᠠᠵᠤ᠂ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠷᠢᠭᠤᠴᠠᠯᠭ᠋ᠠᠲᠤ ᠤᠬᠠᠮᠰᠠᠷ᠎ᠢ᠎ᠨᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠬᠡ ᠤᠯᠤᠰ ᠵᠶ᠋ᠠᠨ ᠨᠣᠭᠣᠭ᠋ᠠᠷᠠᠭᠤᠯᠬᠤ ᠬᠠᠷᠢᠭᠤᠴᠠᠯᠭ᠋ᠠᠲᠤ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠠᠯᠬᠠᠪᠴᠢ》 ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠣᠯᠠᠨ ᠵᠶ᠋ᠠᠷ ᠵᠶ᠋ᠠᠨ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ ᠪᠠ ᠠᠮᠤᠷ ᠲᠦᠪᠰᠢᠨ᠎ᠢ ᠰᠠᠶ᠋ᠢᠲᠤᠷ ᠬᠠᠮᠠᠭ᠋ᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠢ ᠪᠠᠢ᠌ᠭᠤᠯᠤᠨ᠎ᠠ ᠭᠡᠵᠦ ᠢᠯᠡᠳᠬᠡᠵᠡᠭᠡᠪᠡ᠃