4 ᠰᠠᠷ᠎ᠠ ᠵᠢᠨ 25᠎ᠤ ᠡᠳᠦᠷ ᠠᠴᠠ 4 ᠰᠠᠷ᠎ᠠ ᠵᠢᠨ 26᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠩᠭᠢ ᠡᠷᠭᠢᠯᠡᠵᠦ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ᠂ ᠡᠯ᠎ᠡ ᠰᠢᠭᠤᠳ ᠬᠠᠷᠢᠶ᠎ᠠ ᠨᠢᠭᠡᠴᠡ ᠵᠢᠨ 150 ᠰᠢᠬᠠᠮ ᠨᠠᠮ᠎ᠤᠨ ᠭᠡᠰᠢᠭᠦᠨ ᠺᠠᠳ᠋ᠷ ᠣᠷᠣᠯᠴᠠᠪᠠ᠃

ᠰᠤᠷᠤᠯᠴᠠᠯᠭ᠎ᠠ᠎ᠳᠤ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃ 《ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠰᠠᠨᠠᠭ᠎ᠠ ᠦᠭᠡᠢ》᠂ 《ᠤᠨᠴᠠ ᠬᠦᠴᠢᠷᠳᠡᠯ᠎ᠢ ᠰᠢᠢ᠍ᠳᠪᠦᠷᠢᠯᠡᠬᠦ》 ᠲᠤᠰᠬᠠᠶ ᠰᠡᠳᠦᠪᠲᠦ ᠹᠢᠯᠢᠮ᠂ 《ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ》 ᠵᠢᠨ ᠲᠣᠭᠣᠷᠢᠨ᠎ᠳᠤ᠂ 《ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠪᠠ ᠨᠠᠮ᠎ᠤᠨ ᠰᠠᠬᠢᠯᠭ᠎ᠠ ᠪᠠᠲᠤ᠎ᠨᠢ ᠤᠯᠤᠰ᠎ᠤᠨ ᠬᠠᠤᠯᠢ᠎ᠠᠴᠠ ᠴᠢᠩᠭ᠎ᠠ ᠪᠠᠶ᠋ᠢᠳᠠᠭ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠳᠬᠡᠯ ᠥᠭᠬᠦ ᠲᠦᠷᠢᠮ》 ᠵᠡᠷᠭᠡ ᠲᠠᠯ᠎ᠠ᠎ᠪᠠᠷ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠳᠡᠳ᠋ ᠫᠷᠤᠹᠧᠰᠰᠤᠷ ᠵᠠᠩ ᠵᠢᠩ᠂ ᠫᠷᠤᠹᠧᠰᠰᠤᠷ ᠰᠢ ᡁᠢ ᠮᠢᠩ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠰᠢᠤᠢ ᠬᠣᠶ ᠮᠢᠩ ᠲᠣᠰ ᠲᠣᠰ ᠭᠤᠤᠯ ᠰᠡᠳᠦᠪᠲᠦ ᠬᠠᠪᠰᠤᠷᠤᠨ ᠵᠢᠯᠣᠭᠣᠳᠣᠯᠭ᠎ᠠ ᠬᠢᠪᠠ᠃ ᠮᠡᠳᠡᠭᠦᠯᠦᠯᠲᠡ ᠵᠢᠨ ᠣᠨᠣᠯ᠎ᠤᠨ ᠥᠨᠳᠥᠷᠴᠡ᠂ ᠦᠢ᠍ᠯᠡᠳᠦᠯᠭᠡ ᠵᠢᠨ ᠭᠦᠨᠴᠡ᠎ᠲᠠᠢ ᠪᠠᠢ᠌ᠵᠤ᠂ ᠮᠠᠰᠢ ᠰᠠᠢ᠌ᠨ ᠰᠤᠷᠤᠯᠴᠠᠯᠭ᠎ᠠ ᠵᠢᠨ ᠦᠷ᠎ᠡ ᠪᠦᠲᠦᠮᠵᠢ ᠤᠯᠵᠠᠢ᠃
ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠨᠥᠬᠥᠷ ᠳ᠋ᠦᠩᠨᠡᠯᠲᠡ ᠵᠢᠨ ᠶᠠᠷᠢᠶ᠎ᠠ ᠲᠠᠯᠪᠢᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠠᠬᠢᠨ ᠪᠠᠢ᠌ᠷᠢᠯᠠᠭᠤᠯᠤᠨ ᠲᠣᠬᠢᠷᠠᠭᠤᠯᠪᠠ᠃ ᠲᠡᠷᠡ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠦᠵᠡᠯ ᠰᠠᠨᠠᠭ᠋ᠠᠨ᠎ᠤ ᠬᠤᠷᠢᠭ᠎ᠠ ᠱᠤᠭᠤᠮ᠎ᠢ ᠪᠠᠲᠤ ᠴᠤᠭᠴᠠᠯᠠᠵᠤ᠂ ᠠᠷᠢᠭᠤᠨ ᠴᠢᠬᠡᠴᠢ ᠤᠯᠤᠰ ᠲᠦᠷᠦ ᠵᠢᠨ ᠤᠤᠷ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠤᠯᠤᠰ ᠲᠦᠷᠦᠴᠢ ᠵᠠᠩ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠥᠪᠡᠷ᠎ᠢ᠎ᠪᠠᠨ ᠵᠣᠷᠢᠭᠵᠢᠭᠤᠯᠬᠤ ᠤᠬᠠᠮᠰᠠᠷ᠎ᠢ ᠪᠤᠢ ᠪᠤᠯᠭ᠋ᠠᠬᠤ ᠬᠡᠷᠡᠭᠲᠡᠶ᠃ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ᠂ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
2 ᠡᠳᠦᠷ᠎ᠤᠨ ᠰᠤᠷᠤᠯᠴᠠᠯᠭ᠎ᠠ᠎ᠪᠠᠷ ᠳᠠᠮᠵᠢᠨ᠂ ᠪᠣᠯᠪᠠᠰᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠨ ᠺᠠᠳ᠋ᠷᠴᠤᠳ 《ᠳᠦᠷᠢᠮ》᠎ᠤᠨ ᠲᠤᠬᠠᠢ᠎ᠪᠠᠨ ᠤᠢ᠌ᠯᠠᠭ᠋ᠠᠯᠲᠠ᠎ᠪᠠᠨ ᠤᠯᠠᠮ ᠨᠢᠭᠡ ᠠᠯᠬᠤᠮ ᠬᠦᠨᠵᠡᠭᠡᠢ᠌ᠷᠡᠬᠦᠯᠵᠦ᠂ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠪᠠ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ᠎ᠳᠤ ᠨᠡᠩ ᠭᠦᠨ ᠳᠠᠪᠬᠤᠷᠭ᠎ᠠ ᠵᠢᠨ ᠲᠠᠨᠢᠯᠲᠠ᠎ᠲᠠᠢ ᠪᠤᠯᠵᠤ᠂ 《ᠳᠦᠷᠢᠮ》᠎ᠢ ᠰᠤᠷᠤᠯᠴᠠᠨ ᠲᠤᠤᠱᠯᠠᠭᠤᠯᠬᠤ ᠶᠠᠪᠤᠳᠠᠯ᠎ᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠨ᠎ᠠ ᠭᠡᠵᠦ ᠢᠯᠡᠷᠬᠡᠶ᠋ᠢᠯᠡᠵᠡᠶ᠃