ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠰᠢᠨ᠎ᠡ ᠰᠢᠯᠢᠳᠡᠭ ᠡᠭᠦᠯᠳᠡᠷ ᠨᠡᠢ᠌ᠲᠡᠯᠡᠭᠳᠡᠪᠡ
ᠨᠡᠶ᠋ᠢᠲᠡᠯᠡᠭᠰᠡᠨ ᠴᠠᠭ᠄ 2024-04-03

      
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2023 ᠣᠨ᠎ᠤ ᠣᠶ ᠮᠣᠳᠣᠨ᠎ᠤ ᠰᠢᠯᠢᠳᠡᠭ ᠡᠭᠦᠯᠳᠡᠷ᠎ᠤᠨ ᠨᠡᠷᠡᠰ᠎ᠤᠨ ᠵᠢᠭᠰᠠᠭ᠋ᠠᠯᠲᠠ ᠵᠢ ᠨᠡᠶ᠋ᠢᠲᠡᠯᠡᠪᠡ᠃ 
      ᠥᠪᠡᠷᠲᠡᠭᠡᠨ ᠵᠠᠰᠠᠬᠤ ᠣᠷᠣᠨ᠎ᠤ ᠤᠢ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠭᠰᠠᠨ ᠵᠶ᠋ᠠᠷ᠂ 2023 ᠣᠨ᠎ᠳᠤ ᠨᠡᠢ᠍ᠢ᠍ᠳᠡ 9 ᠡᠭᠦᠯᠳᠡᠷ᠎ᠢ ᠰᠢᠯᠢᠳᠡᠭ ᠡᠭᠦᠯᠳᠡᠷ ᠵᠶ᠋ᠠᠷ ᠬᠢᠨᠠᠨ ᠲᠣᠭᠲᠠᠭ᠋ᠠᠵᠤ᠂ 3 ᠡᠭᠦᠯᠳᠡᠷ᠎ᠢ ᠰᠢᠯᠢᠳᠡᠭ ᠡᠭᠦᠯᠳᠡᠷ ᠵᠶ᠋ᠠᠷ ᠮᠠᠭ᠋ᠠᠳᠯᠠᠨ ᠲᠣᠭᠲᠠᠭ᠋ᠠᠪᠠ᠃ ᠬᠢᠨᠠᠨ ᠲᠣᠭᠲᠠᠭ᠋ᠠᠭᠰᠠᠨ 12 ᠰᠢᠯᠢᠳᠡᠭ ᠡᠭᠦᠯᠳᠡᠷ᠎ᠤᠨ ᠳᠣᠲᠣᠷ᠎ᠠ᠂ ᠠᠵᠤ ᠠᠬᠤᠶ ᠵᠢᠨ ᠣᠶ ᠵᠢᠨ ᠮᠣᠳᠣᠨ᠎ᠤ ᠲᠥᠷᠥᠯ 6 ᠪᠣᠶ᠂ ᠲᠣᠰ ᠲᠣᠰ᠄  ᠰᠠᠩᠳᠦᠩ ᠮᠤᠳᠤ᠂ ᠬᠡᠭᠡᠷ᠎ᠡ ᠵᠢᠨ ᠭᠦᠢ᠍ᠯᠡᠰᠦ᠂ ᠵᠡᠷᠯᠢᠭ ᠴᠢᠪᠠᠭ᠎ᠠ᠂ ᠠᠯᠢᠮ᠎ᠠ᠂ ᠴᠢᠪᠠᠭ᠎ᠠ᠂ ᠰᠢᠳ᠂ ᠬᠠᠯᠬᠠᠪᠴᠢ ᠣᠶ ᠵᠢᠨ ᠮᠣᠳᠣᠨ᠎ᠤ ᠲᠥᠷᠥᠯ 5 ᠪᠣᠶ᠂ ᠲᠣᠰ ᠲᠣᠰ᠄  ᠦᠬᠡᠷ ᠬᠠᠷᠭ᠋ᠠᠨ᠎ᠠ᠂ ᠪᠤᠷᠤ ᠤᠯᠢᠶᠠᠰᠤ᠂ ᠴᠠᠭ᠋ᠠᠨ ᠬᠤᠰᠤ᠂ ᠤᠯᠠᠭ᠋ᠠᠨ ᠭᠠᠴᠤᠷ᠎ᠠ᠂  ᠲᠠᠩᠭᠤᠳ ᠭᠠᠴᠤᠷ᠎ᠠ ᠪᠣᠯᠤᠨ᠎ᠠ᠃ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠢᠨᠠᠵᠤ ᠮᠠᠭ᠋ᠠᠳᠯᠠᠨ ᠲᠣᠭᠲᠠᠭ᠋ᠠᠭᠰᠠᠨ ᠣᠶ ᠮᠣᠳᠣᠨ᠎ᠤ ᠰᠢᠯᠢᠳᠡᠭ ᠡᠭᠦᠯᠳᠡᠷ 183 ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠭᠤᠤᠯ ᠪᠣᠯᠬᠤ ᠣᠶ᠋ᠢᠵᠢᠭᠤᠯᠤᠯᠲᠠ ᠵᠢᠨ ᠮᠣᠳᠣᠨ᠎ᠤ ᠲᠥᠷᠥᠯ᠎ᠢ ᠦᠨᠳᠦᠰᠦᠨ᠎ᠳᠡᠭᠡᠨ ᠬᠠᠮᠤᠷᠴᠠᠶ᠃ 
      ᠲᠣᠰ ᠤᠳᠠᠭ᠎ᠠ ᠨᠡᠶ᠋ᠢᠲᠡᠯᠡᠭᠰᠡᠨ 12 ᠰᠢᠯᠢᠳᠡᠭ ᠡᠭᠦᠯᠳᠡᠷ ᠪᠣᠯ ᠴᠥᠮ ᠬᠠᠲᠤᠨ ᠭᠤᠤᠯ᠎ᠤᠨ 《  ᠤᠭ᠋ᠠᠯᠵᠠ ᠲᠤᠬᠤᠢ》 ᠵᠢᠨ ᠪᠡᠷᠬᠡ ᠰᠡᠳᠦᠪ᠎ᠢ ᠰᠢᠢ᠍ᠳᠪᠦᠷᠢᠯᠡᠬᠦ ᠲᠡᠶ᠋ᠢᠨ᠂ ᠬᠣᠷᠴᠢᠨ ᠪᠣᠯᠤᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠲᠡᠶ᠋ᠢᠨ ᠵᠡᠷᠭᠡ ᠬᠣᠶᠠᠷ ᠶᠡᠬᠡ ᠣᠷᠣᠨ᠎ᠠᠴᠠ ᠰᠣᠩᠭᠣᠵᠤ ᠭᠠᠷᠭ᠋ᠠᠭᠰᠠᠨ ᠰᠢᠯᠢᠳᠡᠭ ᠡᠭᠦᠯᠳᠡᠷ ᠪᠣᠯᠤᠨ᠎ᠠ᠃ ᠢᠯᠠᠩᠭᠤᠶ᠎ᠠ 〈ᠤᠯᠠᠭ᠋ᠠᠨ ᠡᠷᠲᠡ ᠬᠡᠦᠷᠡᠭ〉 ᠠᠯᠢᠮ᠎ᠠ ᠵᠢᠨ ᠮᠦ᠍ ᠪᠦᠷᠢ ᠵᠢᠨ ᠳᠤᠮᠳᠠᠴᠢ ᠤᠨᠠᠯᠲᠠ᠎ᠨᠢ 3000 ᠺᠢᠯᠣᠭ᠌ᠷᠠᠮ᠂ ᠮᠦ᠍ ᠪᠦᠷᠢ ᠵᠢᠨ ᠦᠢ᠍ᠯᠡᠳᠬᠦᠨ᠎ᠤ ᠥᠷᠲᠡᠭ᠎ᠨᠢ 1 ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠵᠤ᠂ 〈ᠮᠣᠩᠭᠣᠯ ᠴᠢᠪᠠᠭ᠎ᠠ 3 ᠳ᠋ᠤᠭ᠋ᠠᠷ ᠲᠣᠭ᠋ᠠᠲᠤ〉 ᠴᠢᠪᠠᠭ᠎ᠠ ᠵᠢᠨ ᠮᠦ᠍ ᠪᠦᠷᠢ ᠵᠢᠨ ᠳᠤᠮᠳᠠᠴᠢ ᠤᠨᠠᠯᠲᠠ᠎ᠨᠢ 700 ᠺᠢᠯᠣᠭ᠌ᠷᠠᠮ᠂ ᠮᠦ᠍ ᠪᠦᠷᠢ ᠵᠢᠨ ᠦᠢ᠍ᠯᠡᠳᠬᠦᠨ᠎ᠤ ᠥᠷᠲᠡᠭ᠎ᠨᠢ 7000 ᠲᠥᠭᠥᠷᠢᠭ᠎ᠲᠤ ᠬᠦᠷᠴᠦ᠂  ᠰᠢᠳ᠎ᠤᠨ ᠡᠬᠡ ᠵᠢᠨ ᠮᠣᠳᠣᠨ᠎ᠤ ᠦᠷ᠎ᠡ ᠵᠢᠨ ᠮᠦ᠍ ᠪᠦᠷᠢ ᠵᠢᠨ ᠳᠤᠮᠳᠠᠴᠢ ᠤᠨᠠᠯᠲᠠ᠎ᠨᠢ 200 ᠺᠢᠯᠣᠭ᠌ᠷᠠᠮ᠂ ᠮᠦ᠍ ᠪᠦᠷᠢ ᠵᠢᠨ ᠦᠢ᠍ᠯᠡᠳᠬᠦᠨ᠎ᠤ ᠥᠷᠲᠡᠭ᠎ᠨᠢ 3000 ᠲᠥᠭᠥᠷᠢᠭ᠎ᠲᠤ ᠬᠦᠷᠴᠦ᠂ 〈ᠠᠯᠲᠠᠨ ᠭᠦᠩᠵᠦ 7 ᠳ᠋ᠤᠭ᠋ᠠᠷ ᠲᠣᠭ᠋ᠠᠲᠤ〉  ᠰᠡᠩᠲᠦᠩ ᠮᠤᠳᠤᠨ᠎ᠤ ᠦᠷ᠎ᠡ ᠵᠢᠨ ᠮᠦ᠍ ᠪᠦᠷᠢ ᠵᠢᠨ ᠳᠤᠮᠳᠠᠴᠢ ᠤᠨᠠᠯᠲᠠ᠎ᠨᠢ 50 ᠺᠢᠯᠣᠭ᠌ᠷᠠᠮ᠂ ᠮᠦ᠍ ᠪᠦᠷᠢ ᠵᠢᠨ ᠦᠢ᠍ᠯᠡᠳᠬᠦᠨ᠎ᠤ ᠥᠷᠲᠡᠭ᠎ᠨᠢ 2000 ᠲᠥᠭᠥᠷᠢᠭ᠎ᠲᠤ ᠬᠦᠷᠬᠦ ᠪᠣᠯᠤᠨ᠎ᠠ᠃ ᠰᠢᠯᠢᠳᠡᠭ ᠡᠭᠦᠯᠳᠡᠷ᠎ᠢ ᠤᠯᠠᠮ ᠨᠢᠭᠡ ᠠᠯᠬᠤᠮ ᠳᠡᠯᠭᠡᠷᠡᠭᠦᠯᠦᠨ ᠬᠡᠷᠡᠭᠯᠡᠪᠡᠯ 《ᠤᠮᠠᠷᠠᠲᠤ ᠵᠢᠨ ᠭᠤᠷᠪᠠᠨ ᠤᠷᠤᠨ》᠎ᠤ ᠨᠤᠭᠤᠭ᠋ᠠᠷᠠᠭᠤᠯᠤᠯᠳᠠ ᠵᠢ ᠠᠬᠢᠭᠤᠯᠬᠤ ᠵᠢᠨ ᠬᠠᠮᠲᠤ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠬᠦᠯᠬᠦ ᠵᠢ ᠪᠡᠶᠡᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠡᠯᠴᠢᠭᠡᠷ᠎ᠢ ᠠᠮᠠᠷᠠᠭᠤᠯᠬᠤ ᠲᠦᠷᠢᠮ᠎ᠢ ᠴᠢᠩᠭ᠎ᠠ ᠬᠡᠷᠡᠭᠵᠢᠭᠦᠯᠵᠦ ᠨᠤᠲᠤᠭ ᠪᠡᠯᠴᠢᠭᠡᠷ᠎ᠢ ᠠᠮᠤᠷᠵᠢᠭᠤᠯᠤᠨ ᠰᠡᠷᠭᠦᠭᠡᠬᠦ ᠵᠢ ᠠᠬᠢᠭᠤᠯᠤᠨ᠎ᠠ
ᠡᠨᠡ ᠬᠠᠪᠤᠷ 9.7 ᠳ᠋ᠦᠩᠰᠢᠭᠤᠷ ᠮᠤ᠌ ᠨᠤᠳᠤᠭ ᠪᠡᠯᠴᠢᠭᠡᠷ᠎ᠲᠤ ᠪᠡᠯᠴᠢᠬᠡᠷᠯᠡᠬᠦᠯᠬᠦ ᠵᠢ ᠵᠤᠬᠰᠤᠭ᠋ᠠᠨ᠎ᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠲᠢᠶᠸ ᠨᠢᠤ ᠬᠥᠬᠡᠬᠣᠲᠠ ᠵᠢᠨ ᠬᠠᠩᠰᠢ ᠵᠢᠨ ᠬᠤᠭᠤᠴᠠᠭ᠋ᠠᠨ᠎ᠳᠠᠬᠢ ᠣᠢ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠬᠢᠨᠠᠨ ᠪᠠᠶ᠋ᠢᠴᠠᠭ᠋ᠠᠪᠠ
ᠮᠠᠨ᠎ᠤ ᠤᠯᠤᠰ ᠭᠤᠷᠪᠠᠨ ᠲᠠᠯ᠎ᠠ ᠵᠢᠨ ᠠᠷᠭ᠎ᠠ ᠪᠠᠷᠢᠯ ᠵᠶ᠋ᠠᠷ ᠬᠥᠬᠡᠮᠥ᠋ᠷᠡᠨ᠎ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠥᠷᠰᠦ ᠵᠢ ᠬᠠᠮᠠᠭ᠋ᠠᠯᠠᠬᠤ᠎ᠪᠠᠷ ᠪᠣᠶ
ᠥᠪᠥᠷ ᠮᠣᠩᠭᠣᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠭᠤᠳ ᠨᠡᠪᠲᠡᠷᠡᠭᠦᠯᠭᠡ ᠵᠢᠨ ᠲᠠᠶ᠋ᠢᠯᠤᠮᠵᠢ
 
             蒙ICP备05000248号