ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠡᠨᠡ ᠬᠠᠪᠤᠷ 9.7 ᠳ᠋ᠦᠩᠰᠢᠭᠤᠷ ᠮᠤ᠌ ᠨᠤᠳᠤᠭ ᠪᠡᠯᠴᠢᠭᠡᠷ᠎ᠲᠤ ᠪᠡᠯᠴᠢᠬᠡᠷᠯᠡᠬᠦᠯᠬᠦ ᠵᠢ ᠵᠤᠬᠰᠤᠭ᠋ᠠᠨ᠎ᠠ
ᠨᠡᠶ᠋ᠢᠲᠡᠯᠡᠭᠰᠡᠨ ᠴᠠᠭ᠄ 2024-04-07

  

    ᠬᠠᠪᠤᠷ᠎ᠤᠨ ᠤᠯᠠᠷᠢᠯ᠎ᠤᠨ ᠪᠡᠯᠴᠢᠭᠡᠷ ᠥᠨᠵᠢᠭᠦᠯᠬᠦ᠎ᠨᠢ ᠮᠠᠯ᠎ᠤᠨ ᠪᠡᠯᠴᠢᠭᠡᠷ ᠡᠪᠡᠰᠦ ᠵᠢ ᠬᠡᠮᠡᠯᠢᠬᠦ᠂ ᠭᠢᠰᠭᠢᠯᠡᠬᠦ ᠵᠢ ᠪᠦᠲᠦᠮᠵᠢᠲᠡᠶ ᠪᠠᠭ᠋ᠠᠰᠬᠠᠵᠤ᠂ ᠪᠡᠯᠴᠢᠭᠡᠷ ᠡᠪᠡᠰᠦ ᠭᠦᠢ᠍ᠴᠡᠳ ᠨᠣᠭᠤᠭ᠋ᠠᠷᠠᠬᠤ ᠪᠠ ᠦᠷᠭᠦᠯᠵᠢᠯᠡᠨ ᠤᠷᠭᠤᠬᠤ᠎ᠳᠤ ᠠᠰᠢᠭᠲᠠᠶ ᠪᠠᠶ᠋ᠢᠵᠤ᠂ ᠪᠡᠯᠴᠢᠭᠡᠷ ᠡᠪᠡᠰᠦ ᠵᠢᠨ ᠤᠨᠠᠯᠲᠠ ᠵᠢ ᠳᠡᠭᠡᠭᠰᠢᠯᠡᠭᠦᠯᠦᠨ᠂ ᠨᠤᠲᠤᠭ ᠪᠡᠯᠴᠢᠭᠡᠷ᠎ᠢ ᠬᠠᠮᠠᠭ᠋ᠠᠯᠠᠬᠤ ᠦᠢ᠍ᠯᠡᠳᠦᠯ ᠦᠵᠡᠭᠦᠯᠳᠡᠭ᠃

    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ ᠵᠢᠨ ᠲᠥᠯᠥᠭᠡ᠂ 4 ᠰᠠᠷ᠎ᠠ ᠵᠢᠨ 1᠎ᠤ ᠡᠳᠦᠷ᠎ᠠᠴᠠ ᠡᠬᠢᠯᠡᠨ ᠰᠢᠯᠢ ᠵᠢᠨ ᠭᠤᠤᠯ ᠠᠶ᠋ᠢᠮᠠᠭ᠎ᠤᠨ 2.2 ᠳ᠋ᠦᠩᠰᠢᠭᠤᠷ ᠮᠥ᠍ ᠨᠤᠲᠤᠭ ᠪᠡᠯᠴᠢᠭᠡᠷ᠎ᠲᠤ ᠪᠡᠯᠴᠢᠬᠡᠷᠯᠡᠬᠦᠯᠬᠦ ᠵᠢ ᠵᠤᠬᠰᠤᠭ᠋ᠠᠵᠦ ᠪᠡᠯᠴᠢᠬᠡᠷ᠎ᠢ ᠰᠡᠷᠬᠦᠭᠡᠬᠦ᠎ᠪᠠᠷ ᠪᠤᠯᠵᠠᠢ᠃ ᠮᠠᠨ᠎ᠤ ᠤᠷᠤᠨ ᠡᠯ᠎ᠡ ᠭᠠᠵᠠᠷ᠎ᠤᠨ ᠡᠪᠡᠰᠦ ᠪᠡᠯᠴᠢᠭᠡᠷ᠎ᠤᠨ ᠲᠥᠷᠥᠯ ᠬᠡᠯᠪᠡᠷᠢ᠂ ᠬᠤᠷ᠎ᠠ ᠲᠣᠨᠳᠠᠰᠤ ᠵᠢᠨ ᠬᠡᠮᠵᠢᠶ᠎ᠡ᠂ ᠠᠭ᠋ᠠᠷ᠎ᠤᠨ ᠳᠤᠯᠠᠭ᠋ᠠᠨ ᠵᠢᠴᠢ ᠨᠤᠲᠤᠭ ᠪᠡᠯᠴᠢᠭᠡᠷ᠎ᠤᠨ ᠤᠷᠭᠤᠯᠲᠠ ᠵᠢᠨ ᠣᠨᠴᠠᠯᠢᠭ᠎ᠢ ᠦᠨᠳᠦᠰᠦᠯᠡᠨ ᠰᠡᠯᠭᠦᠨ ᠮᠠᠯᠵᠢᠬᠤ ᠴᠠᠭ᠎ᠤᠨ ᠬᠢᠵᠠᠭ᠋ᠠᠷ᠎ᠢ ᠲᠣᠭᠲᠠᠭ᠋ᠠᠵᠠᠢ᠂ ᠣᠳᠣᠬᠠᠨ᠎ᠳᠤ ᠤᠯᠠᠭ᠋ᠠᠨᠬᠠᠳᠠ᠂ ᠣᠷᠳᠣᠰ᠎ᠤᠨ ᠬᠡᠰᠡᠭ ᠬᠤᠰᠢᠭᠤ ᠰᠢᠶᠠᠨ ᠨᠢᠭᠡᠨᠲᠡ ᠬᠠᠪᠤᠷ᠎ᠤᠨ ᠤᠯᠠᠷᠢᠯ᠎ᠤᠨ ᠰᠡᠯᠭᠦᠨ ᠮᠠᠯᠵᠢᠬᠤ ᠬᠤᠭᠤᠴᠠᠭ᠋ᠠᠨ᠎ᠳᠤ ᠣᠷᠣᠵᠤ᠂ ᠰᠡᠯᠭᠦᠨ ᠮᠠᠯᠵᠢᠬᠤ ᠬᠤᠭᠤᠴᠠᠭ᠎ᠠ ᠵᠢ 45 ᠡᠳᠦᠷ᠎ᠠᠴᠠ ᠳᠤᠤᠷ᠎ᠠ ᠪᠠᠶ᠋ᠢᠯᠭ᠋ᠠᠬᠤ ᠥᠬᠡᠶ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠤᠬᠰᠤᠭ᠋ᠠᠵᠦ ᠰᠡᠯᠭᠦᠨ ᠮᠠᠯᠵᠢᠬᠤ ᠲᠦᠷᠢᠮ》 ᠶᠣᠰᠣᠭ᠋ᠠᠷ᠂ ᠡᠨᠡ ᠵᠢᠯ ᠪᠥᠬᠦ ᠣᠷᠣᠨ᠎ᠤ ᠨᠤᠲᠤᠭ ᠪᠡᠯᠴᠢᠭᠡᠷ᠎ᠲᠤ ᠬᠠᠪᠤᠷ᠎ᠤᠨ ᠤᠯᠠᠷᠢᠯ᠎ᠤᠨ ᠰᠡᠯᠭᠦᠨ ᠮᠠᠯᠵᠢᠬᠤ ᠵᠢ ᠬᠡᠷᠡᠭᠵᠢᠭᠦᠯᠵᠦ᠂ ᠰᠡᠯᠭᠦᠨ ᠮᠠᠯᠵᠢᠬᠤ ᠶᠡᠷᠦᠩᠬᠡᠶ ᠲᠠᠯᠠᠪᠠᠶ ᠵᠢ 9.7 ᠳ᠋ᠦᠩᠰᠢᠭᠤᠷ ᠮᠥ᠍᠎ᠳᠤ ᠬᠥᠷᠬᠡᠨ᠎ᠠ᠃ ᠥᠪᠥᠷ ᠮᠣᠩᠭᠤᠯ ᠪᠡᠯᠴᠢᠭᠡᠷᠯᠡᠭᠦᠯᠭᠦ᠎ᠪᠠᠨ ᠵᠣᠭᠰᠣᠭᠰᠠᠨ ᠮᠠᠯᠵᠢᠬᠤ ᠡᠷᠦᠬᠡ᠎ᠳᠤ ᠨᠥᠬᠦᠪᠥᠷᠢ ᠣᠯᠭᠤᠬᠤ᠎ᠪᠠᠷ ᠳᠠᠮᠵᠢᠭᠤᠯᠤᠨ᠂ ᠨᠤᠲᠤᠭ ᠪᠡᠯᠴᠢᠭᠡᠷ᠎ᠢ ᠰᠡᠷᠭᠦᠭᠡᠬᠦ ᠵᠢ ᠳᠡᠮᠵᠢᠵᠦ ᠪᠠᠶ᠋ᠢᠨ᠎ᠠ᠃ ᠡᠭᠦᠨ᠎ᠤ ᠬᠠᠮᠲᠤ᠂ ᠵᠠᠰᠠᠭ᠎ᠤᠨ ᠣᠷᠳᠣᠨ ᠨᠥᠭᠡᠴᠡᠯᠡᠬᠦ᠂ ᠮᠠᠯᠴᠢᠳ ᠥᠪᠡᠷᠰᠡᠳ ᠵᠶ᠋ᠠᠨ ᠪᠡᠯᠡᠳᠭᠡᠬᠦ᠂ ᠵᠣᠬᠢᠴᠠᠭᠤᠯᠤᠨ ᠲᠣᠬᠢᠷᠠᠭᠤᠯᠵᠤ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠡᠪᠡᠰᠦ ᠪᠣᠷᠳᠤᠭ᠎ᠠ ᠨᠥᠭᠡᠴᠡᠯᠡᠵᠦ᠂ ᠲᠡᠵᠢᠭᠡᠯ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ ᠫᠧᠩ ᠰᠠᠷᠠᠪᠴᠢ ᠵᠡᠷᠭᠡ ᠰᠠᠭᠤᠷᠢ ᠳᠦᠭᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠶ᠋ᠢᠯᠡᠨ ᠵᠠᠰᠠᠬᠤ ᠮᠡᠷᠭᠡᠵᠢᠯ᠎ᠤᠨ ᠦᠢ᠍ᠯᠡᠴᠢᠯᠡᠭᠡᠨ᠎ᠢ ᠴᠢᠩᠭ᠋ᠠᠷᠠᠭᠤᠯᠤᠨ᠂ ᠮᠠᠯᠴᠢᠳ᠎ᠤᠨ ᠥᠪᠡᠷ᠎ᠤᠨ ᠮᠠᠯ ᠲᠡᠵᠢᠭᠡᠪᠦᠷᠢ᠎ᠪᠠᠨ ᠬᠠᠰᠢᠶᠠᠯᠠᠨ ᠲᠡᠵᠢᠭᠡᠬᠦ ᠵᠢ ᠳᠡᠮᠵᠢᠵᠦ ᠪᠠᠶ᠋ᠢᠨ᠎ᠠ᠃
    

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠲᠢᠶᠸ ᠨᠢᠤ ᠬᠥᠬᠡᠬᠣᠲᠠ ᠵᠢᠨ ᠬᠠᠩᠰᠢ ᠵᠢᠨ ᠬᠤᠭᠤᠴᠠᠭ᠋ᠠᠨ᠎ᠳᠠᠬᠢ ᠣᠢ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠬᠢᠨᠠᠨ ᠪᠠᠶ᠋ᠢᠴᠠᠭ᠋ᠠᠪᠠ
ᠮᠠᠨ᠎ᠤ ᠤᠯᠤᠰ ᠭᠤᠷᠪᠠᠨ ᠲᠠᠯ᠎ᠠ ᠵᠢᠨ ᠠᠷᠭ᠎ᠠ ᠪᠠᠷᠢᠯ ᠵᠶ᠋ᠠᠷ ᠬᠥᠬᠡᠮᠥ᠋ᠷᠡᠨ᠎ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠥᠷᠰᠦ ᠵᠢ ᠬᠠᠮᠠᠭ᠋ᠠᠯᠠᠬᠤ᠎ᠪᠠᠷ ᠪᠣᠶ
ᠥᠪᠥᠷ ᠮᠣᠩᠭᠣᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠭᠤᠳ ᠨᠡᠪᠲᠡᠷᠡᠭᠦᠯᠭᠡ ᠵᠢᠨ ᠲᠠᠶ᠋ᠢᠯᠤᠮᠵᠢ
ᠭᠦᠢ᠍ᠯᠡᠰᠦᠨ ᠴᠡᠴᠡᠭ ᠪᠠᠳᠠᠷᠠᠨ ᠳᠡᠯᠭᠡᠷᠡᠯ᠎ᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠪᠠ
 
             蒙ICP备05000248号