ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠲᠢᠶᠸ ᠨᠢᠤ ᠬᠥᠬᠡᠬᠣᠲᠠ ᠵᠢᠨ ᠬᠠᠩᠰᠢ ᠵᠢᠨ ᠬᠤᠭᠤᠴᠠᠭ᠋ᠠᠨ᠎ᠳᠠᠬᠢ ᠣᠢ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠬᠢᠨᠠᠨ ᠪᠠᠶ᠋ᠢᠴᠠᠭ᠋ᠠᠪᠠ
ᠨᠡᠶ᠋ᠢᠲᠡᠯᠡᠭᠰᠡᠨ ᠴᠠᠭ᠄ 2024-04-08

 
    4 ᠰᠠᠷ᠎ᠠ ᠵᠢᠨ 4᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠬᠥᠬᠡᠬᠣᠲᠠ᠎ᠳᠤ ᠬᠠᠩᠰᠢ ᠵᠢᠨ ᠬᠤᠭᠤᠴᠠᠭ᠋ᠠᠨ᠎ᠳᠠᠬᠢ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠬᠢᠨᠠᠨ ᠪᠠᠶ᠋ᠢᠴᠠᠭ᠋ᠠᠪᠠ᠃ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂  ᠳᠡᠳ᠋ ᠬᠣᠲᠠ ᠵᠢᠨ ᠳᠠᠷᠤᠭ᠎ᠠ ᠮᠠ ᠪᠢᠩ ᠴᠢᠤᠸᠠᠨ᠂ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠶ ᠵᠠᠨ ᠭᠦᠸᠧ ᠪᠠᠷ᠎ᠠ ᠪᠣᠯᠵᠣ ᠬᠢᠨᠠᠨ ᠪᠠᠶ᠋ᠢᠴᠠᠭ᠋ᠠᠪᠠ᠃
     ᠲᠢᠶᠧ ᠨᠢᠦ ᠲᠤᠪᠴᠢᠶᠠᠨ ᠳᠠᠷᠤᠭ᠎ᠠ ᠨᠠᠷ ᠤᠷᠢᠳ ᠬᠣᠵᠢᠳ ᠰᠠᠶ᠋ᠢᠬᠠᠨ ᠲᠣᠭᠣᠷᠢᠭ᠎ᠤᠨ ᠢᠦᠶ ᠯᠢᠨ ᠪᠠᠯᠭ᠋ᠠᠰᠤ ᠵᠢᠨ ᠰᠤᠮᠤᠨᠴᠢᠨ ᠲᠣᠰᠬᠣᠨ᠂ ᠰᠢᠨ᠎ᠡ ᠬᠣᠲᠠ ᠲᠣᠭᠣᠷᠢᠭ᠎ᠤᠨ ᠪᠣᠷᠣᠬᠤᠰᠢᠭᠤ ᠪᠠᠯᠭ᠋ᠠᠰᠤ ᠵᠢᠨ ᠣᠪᠣᠭ᠎ᠠ ᠲᠣᠰᠬᠣᠨ᠎ᠳᠤ ᠬᠦᠷᠴᠦ᠂ ᠵᠠᠮ ᠳᠠᠭ᠋ᠠᠤ ᠬᠣᠲᠠ ᠬᠥᠳᠡᠭᠡ ᠵᠢᠨ ᠠᠭᠤᠯᠵᠠᠷ᠂ ᠣᠩᠭᠣᠨ ᠪᠤᠯᠠᠰᠢ ᠵᠢᠨ ᠭᠠᠵᠠᠷ᠂ ᠣᠶ᠋ᠢᠲᠤ ᠤᠷᠤᠨ ᠵᠡᠷᠭᠡ ᠭᠠᠯ᠎ᠤᠨ ᠭᠠᠮᠰᠢᠭ ᠠᠮᠠᠷᠬᠠᠨ ᠡᠭᠦᠰᠬᠦ ᠭᠠᠵᠠᠷ ᠣᠷᠣᠨ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠲᠠᠬᠢᠯᠭ᠎ᠠ᠎ᠳᠤ ᠬᠡᠷᠡᠭᠯᠡᠬᠦ ᠭᠠᠯ᠎ᠢ ᠬᠠᠮᠢᠶᠠᠷᠤᠨ ᠡᠵᠡᠮᠳᠡᠵᠦ ᠪᠠᠶ᠋ᠢᠭ᠎ᠠ ᠪᠠᠶ᠋ᠢᠳᠠᠯ ᠪᠣᠯᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠱᠠᠯᠠᠪᠳᠠᠭᠤᠯᠤᠨ ᠪᠠᠶ᠋ᠢᠴᠠᠭ᠋ᠠᠬᠤ ᠶᠠᠪᠤᠴᠠ᠎ᠳᠤ᠂ ᠲᠢᠶᠸ ᠨᠢᠦ ᠬᠥᠬᠡᠬᠣᠲᠠ ᠵᠢᠨ᠎ᠬᠢᠨ ᠬᠡᠭᠡᠷ᠎ᠡ ᠭᠠᠳᠠᠨ᠎ᠠ ᠵᠢᠨ ᠭᠠᠯ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ᠂ ᠬᠡᠪ ᠵᠠᠩᠰᠢᠯ᠎ᠢ ᠥᠭᠡᠷᠡᠴᠢᠯᠡᠬᠦ᠎ᠲᠠᠢ ᠤᠶᠠᠯᠳᠤᠭᠤᠯᠤᠨ ᠤᠬᠠᠭᠤᠯᠤᠨ ᠬᠥᠮᠦᠵᠢᠭᠦᠯᠬᠦ᠂ ᠡᠯ᠎ᠡ ᠰᠠᠯᠠᠭ᠎ᠠ ᠮᠥᠴᠢᠷ᠎ᠤᠨ᠎ᠬᠢᠨ ᠵᠢᠵᠢᠭᠦᠷᠯᠡᠨ ᠰᠠᠬᠢᠵᠤ ᠲᠣᠭᠣᠷᠢᠨ ᠬᠠᠮᠠᠭ᠋ᠠᠯᠠᠬᠤ᠂ ᠥᠨᠢᠳᠡ ᠵᠢᠨ ᠴᠢᠨᠠᠷᠲᠠᠢ ᠲᠠᠬᠢᠯᠭ᠎ᠠ ᠵᠢᠨ ᠭᠠᠵᠠᠷ ᠭᠠᠷᠭ᠋ᠠᠬᠤ ᠵᠡᠷᠭᠡ ᠪᠣᠳᠠᠲᠠᠢ ᠠᠷᠭ᠎ᠠ  ᠬᠡᠮᠵᠢᠶ᠎ᠡ ᠵᠢ ᠭᠦᠢ᠍ᠴᠡᠳ ᠨᠤᠲᠠᠯᠠᠪᠠ᠃

     ᠲᠢᠶᠸ ᠨᠢᠤ ᠲᠤᠪᠴᠢᠶᠠᠨ ᠳᠠᠷᠤᠭ᠎ᠠ᠂ ᠬᠠᠪᠤᠷ᠎ᠤᠨ ᠤᠯᠠᠷᠢᠯ᠂ ᠢᠯᠠᠩᠭᠤᠶ᠎ᠠ ᠬᠠᠩᠰᠢ ᠵᠢᠨ ᠬᠤᠭᠤᠴᠠᠭ᠎ᠠ ᠪᠣᠯ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠬᠠᠮᠤᠭ᠎ᠤᠨ ᠵᠠᠩᠭᠢᠯᠠᠭ᠎ᠠ ᠵᠢᠨ ᠬᠤᠭᠤᠴᠠᠭ᠎ᠠ ᠪᠣᠯᠤᠨ᠎ᠠ᠂ ᠡᠯ᠎ᠡ ᠱᠠᠲᠤᠨ᠎ᠤ᠎ᠬᠢᠨ ᠡᠷᠬᠡᠪᠰᠢ ᠬᠠᠷᠢᠶ᠎ᠠ ᠭᠠᠵᠠᠷ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ᠂ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠂ ᠡᠵᠡᠩᠨᠡᠯᠲᠡ ᠵᠢᠨ ᠨᠢᠭᠡᠴᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ᠂ ᠣᠶ ᠰᠢᠭᠤᠶ ᠬᠠᠮᠠᠭ᠋ᠠᠯᠠᠭᠴᠢ ᠵᠢᠨ ᠲᠣᠭᠣᠷᠢᠨ ᠬᠠᠮᠠᠭ᠋ᠠᠯᠠᠵᠤ ᠲᠣᠭᠣᠷᠢᠨ ᠪᠠᠶ᠋ᠢᠴᠠᠭ᠋ᠠᠬᠤ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠠᠪᠴᠤ ᠪᠠᠶ᠋ᠢᠭ᠋ᠠᠳ ᠭᠠᠯ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠭᠠᠯ ᠎ᠤᠨ ᠠᠶᠤᠯ᠎ᠤᠨ ᠲᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠰᠠᠢ᠌ᠲᠤᠷ ᠥᠷᠨᠢᠭᠦᠯᠵᠦ᠂ ᠬᠡᠭᠡᠷ᠎ᠡ ᠭᠠᠳᠠᠨ᠎ᠠ ᠵᠢᠨ ᠭᠠᠯ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ ᠠᠷᠭ᠎ᠠ  ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠬᠡᠭᠡᠷ᠎ᠡ ᠭᠠᠳᠠᠨ᠎ᠠ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠬᠦ ᠥᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠭᠠᠷᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠬᠢᠭᠡᠳ ᠮᠡᠷᠭᠡᠵᠢᠯ ᠵᠶ᠋ᠠᠷ ᠰᠡᠷᠭᠡᠶ᠋ᠢᠯᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠳᠠᠭ᠋ᠠᠭᠤᠯᠢ ᠣᠳᠣᠨ ᠠᠯᠤᠰ ᠰᠡᠷᠡᠯ᠂ ᠠᠯᠤᠰ ᠡᠵᠡᠮᠰᠢᠯ᠂ ᠵᠢᠯᠣᠭᠣᠴᠢ ᠦᠭᠡᠶ ᠨᠢᠰᠬᠡᠯ ᠵᠶ᠋ᠠᠷ ᠲᠣᠭᠣᠷᠢᠨ ᠪᠠᠶ᠋ᠢᠴᠠᠭ᠋ᠠᠬᠤ᠂ ᠭᠠᠵᠠᠷ ᠳᠡᠭᠡᠷ᠎ᠡ ᠲᠣᠭᠣᠷᠢᠨ ᠬᠠᠮᠠᠭ᠋ᠠᠯᠠᠬᠤ ᠵᠡᠷᠭᠡ ᠣᠯᠠᠨ ᠵᠦᠢ᠍ᠯ᠎ᠤᠨ ᠠᠷᠭ᠎ᠠ ᠪᠠᠷᠢᠯ᠎ᠢ ᠶᠡᠷᠦᠩᠬᠡᠶ᠋ᠢᠯᠡᠨ ᠠᠪᠴᠤ ᠪᠠᠶ᠋ᠢᠭ᠋ᠠᠳ ᠭᠠᠯ᠎ᠤᠨ ᠪᠠᠶ᠋ᠢᠳᠠᠯ᠎ᠢ ᠬᠢᠨᠠᠨ ᠬᠡᠮᠵᠢᠬᠦ᠎ᠪᠠᠨ ᠴᠢᠩᠭ᠋ᠠᠳᠬᠠᠵᠤ᠂ ᠭᠠᠯ᠎ᠤᠨ ᠪᠠᠶ᠋ᠢᠳᠠᠯ᠎ᠢ ᠡᠷᠲᠡᠬᠡᠨ ᠰᠡᠷᠡᠵᠦ ᠮᠡᠳᠡᠬᠦ᠂ ᠲᠦᠷᠬᠡᠨ ᠮᠡᠳᠡᠭᠦᠯᠬᠦ ᠲᠦᠷᠭᠡᠨ ᠰᠢᠢ᠍ᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠶ᠃ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠵᠶ᠋ᠠᠨ ᠴᠢᠩᠭ᠋ᠠᠳᠬᠠᠨ᠂ ᠭᠠᠯ ᠰᠡᠷᠭᠡᠶ᠋ᠢᠯᠡᠬᠦ ᠬᠤᠭᠤᠴᠠᠭ᠋ᠠᠨ᠎ᠳᠤ 24 ᠴᠠᠭ ᠵᠶ᠋ᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭ᠋ᠠᠭᠤᠯᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠭᠠᠯ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠦᠯᠬᠦ ᠵᠢ ᠴᠠᠭ ᠲᠤᠬᠠᠶ᠎ᠳᠤᠨᠢ ᠵᠢᠷᠤᠮᠵᠢᠭᠤᠯᠬᠤ ᠬᠡᠷᠡᠭᠲᠡᠶ; ᠣᠶ ᠰᠢᠭᠤᠶ ᠨᠤᠲᠤᠭ ᠪᠡᠯᠴᠢᠭᠡᠷ᠎ᠤᠨ ᠲᠤᠰᠬᠠᠶ ᠠᠵᠢᠯ᠎ᠤᠨ ᠭᠠᠯ ᠤᠨᠲᠠᠷᠠᠭ᠋ᠠᠬᠤ ᠠᠩᠭᠢ᠎ᠨᠢ ᠪᠦᠬᠦᠯᠢ ᠡᠳᠦᠷ ᠵᠶ᠋ᠠᠷ ᠵᠢᠵᠢᠭᠦᠷᠯᠡᠵᠦ᠂ ᠴᠠᠭ ᠲᠤᠬᠠᠶ᠎ᠳᠤᠨᠢ ᠤᠷᠢᠳᠴᠢᠯᠠᠨ ᠰᠡᠷᠭᠡᠶ᠋ᠢᠯᠡᠨ ᠬᠠᠮᠠᠭ᠋ᠠᠯᠠᠵᠤ᠂ ᠲᠦᠢ᠍ᠮᠡᠷ ᠡᠭᠦᠰᠪᠡᠯ ᠲᠦᠷᠭᠡᠨ ᠬᠥᠳᠡᠯᠵᠦ᠂ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠵᠤ᠂ 《ᠡᠷᠲᠡ ᠤᠨᠲᠠᠷᠠᠭ᠋ᠠᠬᠤ᠂ ᠪᠠᠭ᠎ᠠ ᠳᠡᠭᠡᠷ᠎ᠡ᠎ᠨᠢ ᠤᠨᠲᠠᠷᠠᠭ᠋ᠠᠬᠤ》 ᠵᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠬᠤ ᠬᠡᠷᠡᠭᠲᠡᠶ ᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠠᠨ᠎ᠤ ᠤᠯᠤᠰ ᠭᠤᠷᠪᠠᠨ ᠲᠠᠯ᠎ᠠ ᠵᠢᠨ ᠠᠷᠭ᠎ᠠ ᠪᠠᠷᠢᠯ ᠵᠶ᠋ᠠᠷ ᠬᠥᠬᠡᠮᠥ᠋ᠷᠡᠨ᠎ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠥᠷᠰᠦ ᠵᠢ ᠬᠠᠮᠠᠭ᠋ᠠᠯᠠᠬᠤ᠎ᠪᠠᠷ ᠪᠣᠶ
ᠥᠪᠥᠷ ᠮᠣᠩᠭᠣᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠭᠤᠳ ᠨᠡᠪᠲᠡᠷᠡᠭᠦᠯᠭᠡ ᠵᠢᠨ ᠲᠠᠶ᠋ᠢᠯᠤᠮᠵᠢ
ᠭᠦᠢ᠍ᠯᠡᠰᠦᠨ ᠴᠡᠴᠡᠭ ᠪᠠᠳᠠᠷᠠᠨ ᠳᠡᠯᠭᠡᠷᠡᠯ᠎ᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤᠳ᠎ᠤᠨ ᠠᠮᠤᠷ ᠲᠦᠪᠰᠢᠨ ᠵᠶ᠋ᠠᠷ ᠨᠡᠭᠦᠳᠡᠯᠯᠡᠬᠦ ᠵᠢ ᠬᠠᠮᠠᠭ᠋ᠠᠯᠠᠪᠠ
 
             蒙ICP备05000248号