ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠭᠤᠳ ᠨᠡᠪᠲᠡᠷᠡᠭᠦᠯᠭᠡ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-04-09

    ᠤᠯᠤᠰ᠎ᠤᠨ ᠴᠡᠴᠡᠷᠯᠢᠭ ᠵᠶ᠋ᠠᠷ ᠭᠤᠤᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠵᠢᠯᠣᠭᠣᠳᠬᠤ ᠰᠠᠨᠠᠯ᠎ᠢ ᠪᠥᠬᠥ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠤᠬᠠᠭᠤᠯᠤᠨ᠂ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠮᠡᠳᠡᠯᠭᠡ ᠵᠢ ᠲᠦᠭᠡᠮᠡᠯᠵᠢᠭᠦᠯᠵᠦ᠂ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠂ ᠪᠥᠬᠥ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠦᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠰᠠᠷ᠎ᠠ ᠪᠦᠷᠢ ᠨᠢᠭᠡ ᠤᠳᠠᠭ᠎ᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠭᠤᠳ ᠨᠡᠪᠳᠡᠷᠡᠬᠦᠯᠭᠡ ᠵᠢᠨ ᠲᠠᠶ᠋ᠢᠯᠤᠮᠵᠢ ᠵᠢ ᠬᠢᠬᠦ᠎ᠪᠠᠷ ᠲᠥᠯᠥᠪᠯᠡᠵᠦ ᠪᠣᠶ᠃
     ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮᠵᠢ ᠵᠢᠨ ᠬᠥᠭᠵᠢᠯᠲᠡ ᠵᠢᠨ ᠲᠥᠯᠥᠪᠵᠢᠭᠦᠯᠭᠡ (2024—2035 ᠣᠨ)》 (ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ 《ᠲᠥᠯᠥᠪᠵᠢᠭᠦᠯᠭᠡ》 ᠵᠢ ᠪᠥᠬᠥ ᠣᠷᠣᠨ᠎ᠳᠤ ᠤᠷᠤᠭᠰᠢᠲᠠᠶ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠬᠤ ᠵᠢᠨ ᠲᠥᠯᠥᠭᠡ᠂ 2024 ᠣᠨ᠎ᠤ 3 ᠰᠠᠷ᠎ᠠ ᠵᠢᠨ 26᠎ᠤ ᠡᠳᠦᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠭᠤᠳ ᠨᠡᠪᠲᠡᠷᠡᠭᠦᠯᠭᠡ ᠵᠢᠨ ᠲᠠᠶ᠋ᠢᠯᠤᠮᠵᠢ ᠵᠢᠨ ᠨᠢᠭᠡᠳᠦᠭᠡᠷ ᠲᠠᠶ᠋ᠢᠯᠤᠮᠵᠢ᠎ᠳᠤ 《ᠲᠥᠯᠥᠪᠵᠢᠭᠦᠯᠭᠡ》 ᠵᠢᠨ ᠲᠤᠬᠠᠶ ᠲᠠᠶ᠋ᠢᠯᠤᠮᠵᠢ ᠬᠢᠪᠠ᠃ ᠲᠣᠰ ᠤᠳᠠᠭ᠋ᠠᠨ᠎ᠤ ᠲᠠᠶ᠋ᠢᠯᠤᠮᠵᠢ ᠵᠢᠨ ᠰᠢᠭᠤᠳ ᠨᠡᠪᠲᠡᠷᠡᠭᠦᠯᠭᠡ ᠵᠢᠨ ᠬᠢᠴᠢᠶᠡᠯᠯᠡᠭᠴᠢ ᠪᠣᠯ 《ᠲᠥᠯᠥᠪᠵᠢᠭᠦᠯᠭᠡ》 ᠨᠠᠶ᠋ᠢᠷᠠᠭᠤᠯᠤᠨ ᠵᠣᠬᠢᠶᠠᠬᠤ ᠮᠡᠷᠭᠡᠵᠢᠯ᠎ᠤᠨ ᠨᠢᠭᠡᠴᠡ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠤᠨ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠵᠠᠩ ᠢ ᠵᠢᠶᠠ ᠪᠣᠯᠤᠨ᠎ᠠ᠃ ᠲᠠᠶ᠋ᠢᠯᠤᠮᠵᠢ ᠵᠢ 《ᠲᠥᠯᠥᠪᠵᠢᠭᠦᠯᠭᠡ》 ᠵᠢ ᠲᠤᠭᠤᠷᠪᠢᠭᠰᠠᠨ ᠠᠬᠤᠶ ᠪᠠᠶ᠋ᠢᠳᠠᠯ᠂ ᠲᠤᠭᠤᠷᠪᠢᠭᠰᠠᠨ ᠶᠠᠪᠤᠴᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠦᠨᠳᠦᠰᠦᠨ ᠪᠠᠶ᠋ᠢᠳᠠᠯ᠂ ᠪᠥᠲᠥᠭᠡᠨ ᠪᠠᠶ᠋ᠢᠭᠤᠯᠤᠯᠲᠠ ᠵᠢᠨ ᠬᠠᠷᠠᠯᠲᠠ᠂ ᠶᠡᠷᠦᠩᠬᠡᠶ ᠪᠠᠶ᠋ᠢᠷᠢᠰᠢᠭᠤᠯᠤᠯᠲᠠ᠂ ᠪᠥᠲᠥᠭᠡᠨ ᠪᠠᠶ᠋ᠢᠭᠤᠯᠤᠯᠲᠠ ᠵᠢᠨ ᠡᠭᠦᠷᠭᠡ᠂ ᠬᠠᠮᠠᠭ᠋ᠠᠯᠠᠯᠳᠠ ᠰᠡᠷᠭᠦᠭᠡᠯᠲᠡ᠂ ᠬᠠᠮᠢᠶᠠᠷᠤᠯᠲᠠ ᠵᠢᠨ ᠴᠢᠳᠠᠪᠤᠷᠢ ᠪᠣᠯᠤᠨ ᠠᠷᠠᠳ᠎ᠤᠨ ᠠᠮᠢᠳᠤᠷᠠᠯ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠡᠷᠭᠡ 9 ᠲᠠᠯ᠎ᠠ᠎ᠪᠠᠷ ᠲᠣᠳᠣᠷᠬᠠᠶ᠋ᠢᠯᠠᠨ ᠥᠭᠦᠯᠡᠵᠦ᠂ ᠣᠯᠠᠨ᠎ᠳᠤ 《ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠭᠰᠠᠨ ᠲᠣᠶ᠋ᠢᠮᠣ ᠪᠠᠶ᠋ᠢᠳᠠᠯ ᠵᠢᠴᠢ 《ᠲᠥᠯᠥᠪᠵᠢᠭᠦᠯᠭᠡ》 ᠵᠢ ᠨᠠᠶ᠋ᠢᠳᠠᠪᠤᠷᠢᠵᠢᠭᠤᠯᠤᠭᠰᠠᠨ ᠪᠣᠳᠠᠲᠤ ᠪᠠᠶ᠋ᠢᠳᠠᠯ ᠪᠠ ᠠᠯᠤᠰ ᠬᠡᠲᠦ ᠵᠢᠨ ᠠᠴᠢ ᠬᠣᠯᠪᠣᠭᠳᠠᠯ᠎ᠢ ᠨᠠᠩ ᠭᠦᠨᠵᠡᠭᠡᠶ ᠣᠶ᠋ᠢᠯᠠᠭ᠋ᠠᠭᠤᠯᠵᠤ᠂ ᠲᠥᠯᠥᠪᠵᠢᠭᠦᠯᠭᠡ᠎ᠪᠠᠷ ᠪᠥᠬᠥ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠬᠥᠲᠥᠯᠦᠨ ᠳᠠᠭ᠋ᠠᠭᠤᠯᠵᠤ ᠥᠨᠳᠥᠷ ᠬᠢᠷᠢ ᠲᠦᠪᠰᠢᠨ ᠵᠶ᠋ᠠᠷ ᠬᠠᠮᠠᠭ᠋ᠠᠯᠠᠬᠤ᠂ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ᠂ ᠥᠨᠳᠥᠷ ᠪᠠᠷᠢᠮᠵᠢᠶ᠎ᠠ᠎ᠪᠠᠷ ᠬᠠᠮᠲᠤ᠎ᠪᠠᠷ ᠡᠳ᠋ᠯᠡᠬᠦ ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠠᠴᠢ ᠬᠣᠯᠪᠣᠭᠳᠠᠯ ᠪᠥᠬᠥᠶ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ ᠲᠡᠶ᠋ᠢᠰᠢ ᠬᠦᠭᠵᠢᠬᠦᠯᠬᠦ ᠵᠢᠨ ᠲᠥᠯᠥᠭᠡ ᠶᠤᠮ᠃ ᠲᠣᠰ ᠤᠳᠠᠭ᠎ᠠ ᠵᠢᠨ ᠲᠠᠶ᠋ᠢᠯᠤᠮᠵᠢ᠎ᠳᠤ ᠪᠦᠬᠦ ᠣᠷᠣᠨ᠎ᠤ ᠡᠯ᠎ᠡ ᠱᠠᠲᠤᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠯ᠎ᠡ ᠱᠠᠲᠤᠨ᠎ᠤ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠺᠠᠳ᠋ᠷ ᠠᠵᠢᠯᠲᠠᠨ᠂ 500 ᠰᠢᠬᠠᠮ ᠬᠥᠮᠦᠨ ᠤᠷᠤᠯᠴᠠᠪᠠ᠂ ᠲᠠᠶ᠋ᠢᠯᠤᠮᠵᠢ᠎ᠳᠤ ᠣᠷᠣᠯᠴᠠᠭᠰᠠᠨ ᠬᠥᠮᠦᠰ᠎ᠤᠨ ᠬᠠᠷᠢᠭᠤ ᠲᠤᠰᠬᠠᠯ᠎ᠠᠴᠠ ᠦᠵᠡᠪᠡᠯ᠂ ᠲᠠᠶ᠋ᠢᠯᠤᠮᠵᠢ ᠵᠢᠨ ᠦᠷ᠎ᠡ ᠪᠦᠲᠦᠮᠵᠢ ᠢᠯᠡᠷᠬᠡᠶ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠭᠦᠢ᠍ᠯᠡᠰᠦᠨ ᠴᠡᠴᠡᠭ ᠪᠠᠳᠠᠷᠠᠨ ᠳᠡᠯᠭᠡᠷᠡᠯ᠎ᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤᠳ᠎ᠤᠨ ᠠᠮᠤᠷ ᠲᠦᠪᠰᠢᠨ ᠵᠶ᠋ᠠᠷ ᠨᠡᠭᠦᠳᠡᠯᠯᠡᠬᠦ ᠵᠢ ᠬᠠᠮᠠᠭ᠋ᠠᠯᠠᠪᠠ
ᠲᠣᠪᠴᠢᠶᠠᠨ ᠳᠠᠷᠤᠭ᠎ᠠ ᠸᠠᠩ ᠵᠤᠤ ᠱᠧᠩ《ᠰᠢᠷᠭᠤᠯᠵᠢ ᠪᠦᠯᠦᠭᠯᠡᠯ》᠎ᠤᠨ ᠨᠡᠷ᠎ᠡ ᠬᠦᠨᠳᠦᠲᠦ ᠳᠡᠳ᠋ ᠶᠡᠷᠦᠩᠬᠡᠢ ᠵᠠᠬᠢᠷᠤᠭᠴᠢ᠂ ᠦᠷᠭᠦᠯᠵᠢᠯᠡᠬᠦ ᠬᠥᠭᠵᠢᠯᠲᠡ ᠵᠢᠨ ᠲᠡᠷᠢᠭᠦᠨ ᠲᠤᠰᠢᠶᠠᠯᠲᠠᠨ ᠫᠸᠩ ᠢ ᠵᠢᠶᠸ᠎ᠲᠠᠢ ᠠᠭᠤᠯᠵᠠᠪᠠ
ᠥᠪᠥᠷ ᠮᠣᠩᠭᠣᠯ 《4 . 15᠎ᠤ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠮᠡᠳᠡᠯᠭᠡ》 ᠵᠢᠨ ᠠᠰᠠᠭᠤᠯᠳᠠ ᠬᠠᠷᠢᠭᠤᠯᠲᠠ ᠵᠢᠨ ᠠᠵᠢᠯᠯᠠᠭ᠎ᠠ᠎ᠳᠤ ᠣᠷᠣᠯᠴᠠᠪᠠ
 
             蒙ICP备05000248号