ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠢᠯᠢ ᠵᠢᠨ ᠭᠤᠣᠯ᠎ᠤᠨ ᠴᠠᠭᠢᠯᠭ᠋ᠠᠨ ᠬᠠᠩᠭ᠋ᠠᠬᠤ ᠺᠤᠮᠫᠠᠨᠢ ᠪᠡᠯᠴᠢᠭᠡᠷ ᠰᠡᠷᠭᠦᠭᠡᠬᠦ ᠬᠤᠭᠤᠴᠠᠭ᠋ᠠᠨ᠎ᠳᠠᠬᠢ ᠮᠠᠯᠵᠢᠬᠤ ᠦᠢ᠍ᠯᠡᠳᠪᠦᠷᠢᠯᠡᠯ᠎ᠤᠨ ᠴᠠᠭᠢᠯᠭ᠋ᠠᠨ᠎ᠢ ᠭᠦᠢ᠍ᠴᠡᠳ ᠬᠠᠩᠭ᠋ᠠᠵᠤ ᠪᠤᠢ
ᠨᠡᠶ᠋ᠢᠲᠡᠯᠡᠭᠰᠡᠨ ᠴᠠᠭ᠄ 2024-05-10


 
    ᠣᠲᠣ ᠪᠣᠯ ᠶᠠᠭ ᠰᠠᠶ᠋ᠢᠬᠠᠨ ᠰᠢᠯᠢ ᠵᠢᠨ ᠭᠤᠣᠯ᠎ᠤᠨ ᠪᠡᠯᠴᠢᠭᠡᠷ ᠰᠡᠷᠭᠦᠭᠡᠬᠦ ᠬᠤᠭᠤᠴᠠᠭ᠎ᠠ ᠪᠠᠶ᠋ᠢᠵᠤ᠂ ᠮᠠᠯᠴᠢᠳ᠎ᠤᠨ ᠮᠠᠯᠵᠢᠬᠤ ᠦᠢ᠍ᠯᠡᠳᠪᠦᠷᠢᠯᠡᠯ᠎ᠤᠨ ᠠᠯᠢ ᠤᠯᠠᠨ ᠴᠢᠬᠤᠯᠠ ᠠᠵᠢᠯ᠎ᠤᠳ᠎ᠨᠢ ᠴᠥᠮ ᠰᠠᠭᠤᠷᠢᠰᠢᠯ ᠣᠷᠣᠨ᠎ᠳᠤ ᠲᠥᠪᠯᠡᠷᠡᠩᠭᠦᠢ ᠶᠠᠪᠤᠭᠳᠠᠵᠤ ᠪᠠᠶ᠋ᠢᠨ᠎ᠠ᠃ ᠡᠶ᠋ᠢᠮᠦ ᠪᠠᠶ᠋ᠢᠳᠠᠯ᠎ᠳᠤ ᠴᠢᠭᠯᠡᠭᠦᠯᠦᠨ᠂ ᠥᠪᠥᠷ ᠮᠣᠩᠭᠤᠯ᠎ᠤᠨ ᠴᠠᠭᠢᠯᠭ᠋ᠠᠨ ᠬᠦᠴᠦᠨ᠎ᠤ ᠪᠦᠯᠦᠭᠯᠡᠯ᠎ᠤᠨ ᠰᠢᠯᠢ ᠵᠢᠨ ᠭᠤᠣᠯ᠎ᠤᠨ ᠴᠠᠭᠢᠯᠭ᠋ᠠᠨ ᠬᠠᠩᠭ᠋ᠠᠬᠤ ᠺᠤᠮᠫᠠᠨᠢ ᠮᠠᠯᠵᠢᠬᠤ ᠣᠷᠣᠨ᠎ᠤ ᠪᠡᠯᠴᠢᠭᠡᠷ ᠰᠡᠷᠭᠦᠭᠡᠬᠦ ᠬᠤᠭᠤᠴᠠᠭ᠋ᠠᠨ᠎ᠳᠠᠬᠢ ᠴᠠᠭᠢᠯᠭ᠋ᠠᠨ᠎ᠤ ᠬᠠᠩᠭ᠋ᠠᠯᠭ᠎ᠠ ᠵᠢ ᠭᠦᠢ᠍ᠴᠡᠳ ᠪᠠᠲᠤᠯᠠᠬᠤ ᠵᠢᠨ ᠲᠤᠯᠠᠳᠠ ᠠᠯᠢ ᠤᠯᠠᠨ ᠬᠦᠴᠦᠨ ᠪᠦᠬᠦᠢ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭ᠋ᠠᠳ ᠮᠠᠯᠴᠢᠳ᠎ᠤᠨ ᠲᠠᠭ᠋ᠠᠰᠢᠶᠠᠯ᠎ᠢ ᠣᠯᠵᠤ ᠪᠠᠶ᠋ᠢᠨ᠎ᠠ᠃ ᠰᠢᠯᠢᠩᠬᠤᠲᠠ ᠵᠢᠨ ᠮᠣᠳᠣᠨ ᠮᠠᠯᠵᠢᠯ᠎ᠤᠨ ᠲᠠᠯᠠᠪᠠᠶ ᠵᠢᠨ ᠨᠢᠭᠡᠳᠦᠭᠡᠷ ᠬᠤᠪᠢᠶᠠᠷᠢ ᠲᠠᠯᠠᠪᠠᠶ᠎ᠳᠤ ᠰᠠᠭᠤᠵᠤ ᠪᠠᠶ᠋ᠢᠭ᠎ᠠ ᠸᠠᠩ ᠶᠦᠨ ᠭᠦᠶ ᠵᠢᠨ᠎ᠬᠢᠨ ᠪᠣᠯ ᠮᠠᠯᠵᠢᠯ᠎ᠤᠨ ᠲᠣᠮᠣ ᠡᠷᠦᠭᠡ ᠪᠤᠯᠬᠤ ᠶᠤᠮ᠃

    ᠪᠡᠯᠴᠢᠭᠡᠷ ᠰᠡᠷᠭᠦᠭᠡᠬᠦ ᠬᠤᠭᠤᠴᠠᠭ᠋ᠠᠨ᠎ᠳᠤ ᠲᠡᠷᠡ 280 ᠭᠠᠷᠤᠢ ᠦᠬᠡᠷ᠂ 100 ᠭᠠᠷᠤᠢ ᠬᠤᠨᠢ᠎ᠪᠠᠨ ᠬᠠᠰᠢᠶᠠᠯᠠᠨ ᠲᠡᠵᠢᠭᠡᠵᠦ᠂ ᠲᠣᠮᠣ ᠭᠡᠯᠪᠡᠷᠢ ᠵᠢᠨ ᠡᠪᠡᠰᠦ ᠪᠣᠷᠳᠤᠭ᠎ᠠ ᠨᠤᠨᠳᠠᠭᠯᠠᠨ ᠬᠤᠯᠢᠬᠤ ᠲᠥᠬᠦᠭᠡᠷᠦᠮᠵᠢ᠎ᠨᠢ ᠡᠳᠡᠨᠡᠶ᠋ᠢᠭᠢᠨ᠎ᠤ ᠬᠠᠮᠤᠭ᠎ᠤᠨ ᠴᠢᠬᠤᠯᠠ ᠮᠠᠰᠢᠨ ᠲᠥᠬᠦᠭᠡᠷᠦᠮᠵᠢ ᠪᠣᠯᠵᠠᠢ᠃ 《ᠮᠠᠨᠠᠶ᠋ᠢᠬᠢᠨ᠎ᠤ ᠮᠠᠰᠢᠨ ᠲᠥᠬᠦᠭᠡᠷᠦᠮᠵᠢ ᠨᠡᠯᠢᠶᠡᠳ ᠪᠦᠷᠢᠨ ᠪᠣᠯᠤᠭᠰᠠᠨ ᠠ᠋᠂ ᠲᠡᠵᠢᠭᠡᠯ ᠪᠣᠷᠳᠤᠭ᠎ᠠ ᠵᠢᠭᠤᠷᠠᠬᠤ ᠮᠠᠰᠢᠨ᠂ ᠪᠣᠷᠳᠤᠭ᠎ᠠ ᠮᠥᠭᠦᠯᠢᠭᠵᠢᠭᠦᠯᠭᠦ ᠮᠠᠰᠢᠨ᠂ ᠬᠡᠮᠬᠡᠯᠬᠦ ᠮᠠᠰᠢᠨ᠂ ᠪᠠᠰᠠ ᠴᠠᠭᠢᠯᠭ᠋ᠠᠨ ᠭᠦᠳᠡᠯᠭᠡᠭᠦᠷᠲᠦ ᠪᠣᠷᠳᠤᠭ᠎ᠠ ᠰᠠᠴᠤᠬᠤ ᠲᠡᠷᠭᠡ ᠵᠡᠷᠭᠡ ᠪᠦᠷ ᠪᠠᠶ᠋ᠢᠨ᠎ᠠ᠃ ᠬᠦᠴᠦᠳᠡᠯ ᠥᠭᠡᠷᠡᠴᠢᠯᠡᠭᠴᠢ ᠵᠢᠨ ᠠᠴᠢᠶᠠᠯᠠᠯ᠎ᠤᠨ ᠬᠢᠵᠠᠭ᠋ᠠᠷ᠎ᠠᠴᠠ ᠪᠣᠯᠵᠤ᠂ ᠪᠢᠳᠡ ᠡᠳᠡᠭᠡᠷ ᠴᠠᠭᠢᠯᠭ᠋ᠠᠨ ᠭᠦᠳᠡᠯᠭᠡᠭᠦᠷᠲᠤ ᠮᠠᠰᠢᠨ ᠵᠶ᠋ᠠᠨ ᠵᠡᠷᠭᠡ᠎ᠪᠠᠷ ᠬᠡᠷᠡᠭᠯᠡᠵᠦ ᠪᠠᠶ᠋ᠢᠬᠤ ᠦᠭᠡᠢ᠂ ᠵᠡᠷᠭᠡ᠎ᠪᠠᠷ ᠬᠡᠷᠡᠭᠯᠡᠬᠦ ᠶᠤᠮ ᠪᠣᠯ ᠳᠠᠭ᠋ᠠᠭ᠋ᠠᠴᠠ᠎ᠠᠴᠠ ᠬᠡᠲᠦᠷᠡᠵᠦ ᠴᠠᠭᠢᠯᠭ᠋ᠠᠨ ᠵᠤᠬᠰᠤᠬᠤ ᠪᠣᠯᠣᠮᠵᠢ᠎ᠲᠠᠢ》 ᠭᠡᠵᠦ ᠮᠠᠯᠴᠢᠨ ᠸᠠᠩ ᠶᠦᠨ ᠭᠦᠢ ᠶᠠᠷᠢᠨ᠎ᠠ᠃ ᠪᠡᠯᠴᠢᠭᠡᠷ ᠰᠡᠷᠭᠦᠭᠡᠬᠦ ᠬᠤᠭᠤᠴᠠᠭ᠋ᠠᠨ᠎ᠳᠤ ᠮᠠᠰᠢ ᠤᠯᠠᠨ ᠮᠠᠯᠴᠢᠳ ᠸᠠᠩ ᠶᠦᠨ ᠭᠦᠢ ᠵᠢᠨ᠎ᠬᠢᠨ᠎ᠲᠠᠢ ᠠᠳᠠᠯᠢ ᠮᠠᠰᠢᠨ ᠲᠥᠬᠦᠭᠡᠷᠦᠮᠵᠢ᠎ᠳᠤ ᠲᠦᠰᠢᠭᠯᠡᠨ ᠦᠢ᠍ᠯᠡᠳᠪᠦᠷᠢᠯᠡᠯ ᠵᠶ᠋ᠠᠨ ᠪᠠᠲᠤᠯᠠᠵᠤ ᠪᠤᠢ᠃ ᠡᠨᠡ ᠬᠡᠳᠦᠨ ᠡᠳᠦᠷ ᠰᠢᠯᠢ ᠵᠢᠨ ᠭᠤᠣᠯ᠎ᠤᠨ ᠴᠠᠭᠢᠯᠭ᠋ᠠᠨ ᠬᠠᠩᠭ᠋ᠠᠬᠤ ᠺᠤᠮᠫᠠᠨᠢ ᠵᠢᠨ ᠰᠢᠯᠢᠩᠬᠤᠲᠠ ᠵᠢᠨ ᠴᠠᠭᠢᠯᠭ᠋ᠠᠨ ᠬᠠᠩᠭ᠋ᠠᠬᠤ ᠬᠤᠪᠢᠶᠠᠷᠢ ᠺᠤᠮᠫᠠᠨᠢ ᠵᠢᠨ ᠠᠵᠢᠯᠲᠠᠳ ᠪᠠᠰᠠ ᠲᠣᠭᠤᠷᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠳᠬᠠᠵᠤ᠂ ᠲᠣᠭᠲᠠᠮᠠᠯ ᠬᠤᠭᠤᠴᠠᠭ᠎ᠠ᠎ᠲᠠᠢ ᠮᠠᠯᠴᠢᠨ ᠲᠠᠷᠢᠶᠠᠴᠢᠨ᠎ᠤ ᠲᠡᠵᠢᠭᠡᠯ ᠪᠣᠷᠳᠤᠭ᠎ᠠ ᠵᠢᠭᠤᠷᠠᠬᠤ ᠮᠠᠰᠢᠨ᠂ ᠮᠠᠯ᠎ᠤᠨ ᠤᠰᠤ ᠤᠮᠳᠠ ᠵᠢᠨ ᠴᠠᠭᠢᠯᠭ᠋ᠠᠨ ᠬᠡᠷᠡᠭᠯᠡᠬᠦ ᠲᠥᠬᠦᠭᠡᠷᠦᠮᠵᠢ ᠵᠢ᠎ᠨᠢ ᠪᠠᠶ᠋ᠢᠴᠠᠭ᠋ᠠᠵᠤ᠂ ᠴᠠᠭᠢᠯᠭ᠋ᠠᠨ ᠬᠡᠷᠡᠭᠯᠡᠬᠦ ᠠᠮᠤᠷ ᠲᠦᠪᠰᠢᠨ᠎ᠤ ᠭᠡᠮ ᠰᠣᠭᠤᠭ᠎ᠢ ᠴᠠᠭ ᠲᠤᠬᠠᠢ ᠎ᠳᠤᠨᠢ ᠠᠷᠢᠯᠭ᠋ᠠᠵᠤ᠂ ᠪᠡᠯᠴᠢᠭᠡᠷ ᠰᠡᠷᠭᠦᠭᠡᠬᠦ ᠬᠤᠭᠤᠴᠠᠭ᠋ᠠᠨ᠎ᠤ ᠴᠠᠭᠢᠯᠭ᠋ᠠᠨ ᠬᠠᠩᠭ᠋ᠠᠯᠭ᠎ᠠ ᠵᠢᠨ ᠠᠮᠤᠷ ᠲᠦᠪᠰᠢᠨ᠎ᠢ ᠪᠦᠭᠦ ᠬᠦᠴᠦᠨ ᠵᠶ᠋ᠠᠷ ᠪᠠᠲᠤᠯᠠᠵᠤ ᠪᠠᠶ᠋ᠢᠨ᠎ᠠ᠃

    ᠰᠢᠯᠢ ᠵᠢᠨ ᠭᠤᠣᠯ᠎ᠤᠨ ᠴᠠᠭᠢᠯᠭ᠋ᠠᠨ ᠬᠠᠩᠭ᠋ᠠᠬᠤ ᠺᠤᠮᠫᠠᠨᠢ ᠵᠢᠨ ᠰᠢᠯᠢᠩᠬᠤᠲᠠ ᠵᠢᠨ ᠴᠠᠭᠢᠯᠭ᠋ᠠᠨ ᠬᠠᠩᠭ᠋ᠠᠬᠤ ᠬᠤᠪᠢᠶᠠᠷᠢ ᠺᠤᠮᠫᠠᠨᠢ ᠵᠢᠨ ᠮᠣᠳᠣᠨ ᠮᠠᠯᠵᠢᠯ᠎ᠤᠨ ᠲᠠᠯᠠᠪᠠᠢ ᠵᠢᠨ ᠴᠠᠭᠢᠯᠭ᠋ᠠᠨ ᠬᠠᠩᠭ᠋ᠠᠬᠤ ᠭᠠᠵᠠᠷ᠎ᠤᠨ ᠬᠠᠷᠢᠭᠤᠴᠠᠯᠭ᠋ᠠᠲᠠᠨ ᠷᠧᠨ ᠲᠢᠶᠠᠨ ᠶᠠᠩ᠄ 《ᠪᠢᠳᠡ ᠪᠡᠯᠡᠳᠬᠡᠯ ᠠᠵᠢᠯ᠎ᠢ ᠤᠷᠢᠳᠴᠢᠯᠠᠨ ᠰᠠᠶ᠋ᠢᠲᠤᠷ ᠬᠢᠵᠦ᠂ ᠬᠠᠷᠢᠶ᠎ᠠ ᠣᠷᠣᠨ᠎ᠤ᠎ᠪᠠᠨ ᠮᠠᠯᠵᠢᠯ᠎ᠤᠨ ᠲᠠᠯᠠᠪᠠᠶ᠂ ᠮᠠᠯᠴᠢᠨ ᠡᠷᠦᠭᠡ ᠵᠢᠨ ᠴᠠᠭᠢᠯᠭ᠋ᠠᠨ᠎ᠤ ᠬᠡᠷᠡᠭᠴᠡᠭᠡ ᠵᠢ ᠭᠦᠢ᠍ᠴᠡᠳ ᠣᠶ᠋ᠢᠯᠠᠭ᠋ᠠᠵᠤ᠂ ᠬᠠᠨᠳᠤᠯᠭ᠋ᠠᠲᠤ ᠴᠢᠨᠠᠷ᠎ᠲᠠᠢ ᠴᠠᠭᠢᠯᠭ᠋ᠠᠨ ᠬᠡᠷᠡᠭᠯᠡᠬᠦ ᠦᠢ᠍ᠯᠡᠴᠢᠯᠡᠭᠡ ᠬᠠᠩᠭ᠋ᠠᠵᠠᠢ》 ᠭᠡᠵᠦ ᠰᠤᠷᠪᠤᠯᠵᠢᠯᠠᠬ᠍ᠴᠢ᠎ᠳᠤ ᠬᠡᠯᠡᠨ᠎ᠡ᠃ 4 ᠰᠠᠷ᠎ᠠ ᠵᠢᠨ ᠡᠬᠢᠨ᠎ᠠᠴᠠ ᠨᠠᠭ᠋ᠠᠰᠢ᠂ ᠰᠢᠯᠢ ᠵᠢᠨ ᠭᠤᠣᠯ᠎ᠤᠨ ᠴᠠᠭᠢᠯᠭ᠋ᠠᠨ ᠬᠠᠩᠭ᠋ᠠᠬᠤ ᠺᠤᠮᠫᠠᠨᠢ ᠨᠢᠭᠡᠨᠲᠡ ᠪᠦᠭᠦ ᠠᠶ᠋ᠢᠮᠠᠭ᠎ᠤᠨ 1291 ᠮᠠᠯᠴᠢᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠴᠠᠭᠢᠯᠭ᠋ᠠᠨ ᠵᠠᠯᠭ᠋ᠠᠨ ᠥᠭᠴᠦ᠂ ᠶᠡᠷᠦᠩᠬᠡᠢ ᠪᠠᠭᠲᠠᠭ᠋ᠠᠮᠵᠢ᠎ᠨᠢ 2 ᠲᠦᠮᠡᠨ ᠺᠢᠯᠣᠸᠠᠲ᠎ᠲᠤ ᠬᠦᠷᠴᠦ᠂ ᠬᠡᠷᠡᠭᠯᠡᠭᠴᠢᠳ᠎ᠤᠨ ᠴᠠᠭᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ 348 ᠲᠦᠮᠡ ᠭᠠᠷᠤᠢ ᠲᠥᠭᠦᠷᠢᠭ ᠠᠷᠪᠢᠯᠠᠵᠠᠢ᠃

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠥᠬᠥ ᠤᠯᠤᠰ᠎ᠤᠨ ᠴᠢᠭᠢᠭᠯᠢᠭ ᠭᠠᠵᠠᠷ ᠪᠠ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠡᠬᠢᠯᠡᠯᠲᠡ ᠵᠢᠨ ᠬᠤᠷᠠᠯ᠎ᠳᠤ ᠣᠷᠣᠯᠴᠠᠪᠠ
ᠥᠪᠥᠷ ᠮᠣᠩᠭᠣᠯ 2024 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠡᠬᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠪᠠᠶ᠋ᠢᠭᠤᠯᠵᠤ ᠹᠦᠵᠢᠶᠠᠨ ᠮᠤᠵᠢ᠎ᠳᠤ ᠬᠦᠷᠴᠦ ᠤᠢ ᠰᠢᠭᠤᠢ ᠵᠢᠨ ᠬᠣᠯᠪᠣᠭᠳᠠᠯ ᠪᠦᠬᠦᠢ ᠠᠵᠢᠯ᠎ᠢ ᠪᠠᠶ᠋ᠢᠴᠠᠭ᠋ᠠᠨ ᠰᠤᠳᠤᠯᠪᠠ
ᠤᠯᠤᠰ᠎ᠤᠨ ᠡᠪᠡᠰᠦᠨ᠎ᠤ ᠠᠵᠤ ᠦᠢ᠍ᠯᠡᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠮᠣ ᠳ᠋ᠠᠶ᠋ᠢᠲ᠋ᠠ ᠵᠢᠨ ᠲᠠᠪᠴᠠᠩ᠎ᠢ ᠲᠤᠷᠰᠢᠨ ᠠᠵᠢᠯᠯᠠᠭᠤᠯᠪᠠ
ᠥᠪᠥᠷ ᠮᠣᠩᠭᠣᠯ ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ 》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢᠴᠢ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠲᠤᠬᠠᠶ ᠵᠢᠨ ᠲᠠᠯᠠᠪᠠᠶ ᠵᠢᠨ ᠠᠬᠢᠭᠤᠯᠬᠤ ᠬᠤᠷᠠᠯ ᠬᠤᠷᠠᠯᠳᠤᠭᠤᠯᠪᠠ
 
             蒙ICP备05000248号