16 ᠳ᠋ᠤᠭ᠋ᠠᠷ ᠤᠳᠠᠭ᠋ᠠᠨ᠎ᠤ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ ᠬᠦᠷᠴᠦ ᠢᠷᠡᠬᠦ ᠲᠠᠰᠢᠷᠠᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 5 ᠰᠠᠷ᠎ᠠ ᠵᠢᠨ 11᠎ᠤ ᠡᠳᠦᠷ᠎ᠠᠴᠠ 5 ᠰᠠᠷ᠎ᠠ ᠵᠢᠨ 17᠎ᠤ ᠡᠳᠦᠷ ᠪᠣᠯᠲᠠᠯ᠎ᠠ ᠪᠥᠬᠥ ᠣᠷᠣᠨ᠎ᠤ ᠬᠡᠪᠴᠢᠶᠡᠨ᠎ᠳᠤ 2024 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠥᠷᠨᠢᠭᠦᠯᠦᠨ᠎ᠡ᠃ 5 ᠰᠠᠷ᠎ᠠ ᠵᠢᠨ 11᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠡᠷᠭᠡᠶ᠋ᠢᠯᠡᠨ ᠵᠠᠰᠠᠬᠤ ᠶᠡᠷᠦᠩᠬᠡᠶ ᠥᠷᠲᠡᠭᠡ᠎ᠨᠢ ᠪᠤᠭᠤᠲᠤ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠲᠠᠢ ᠬᠠᠮᠲᠤᠷᠠᠨ ᠳ᠋ᠦᠩ ᠾᠧ ᠲᠣᠭᠣᠷᠢᠭ᠎ᠲᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠡᠷᠭᠡᠶ᠋ᠢᠯᠡᠨ ᠵᠠᠰᠠᠬᠤ ᠶᠡᠷᠦᠩᠬᠡᠶ ᠥᠷᠲᠡᠭᠡ ᠵᠢᠨ ᠤᠳᠤᠷᠢᠳᠤᠯᠭ᠎ᠠ ᠵᠢᠴᠢ ᠲᠤᠬᠠᠶ᠋ᠢᠯᠠᠭᠰᠠᠨ ᠠᠵᠢᠯ᠎ᠤᠨ ᠠᠵᠢᠯᠲᠠᠨ᠂ ᠪᠤᠭᠤᠲᠤ ᠬᠣᠲᠠ ᠵᠢᠴᠢ ᠡᠯ᠎ᠡ ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠳᠤᠷᠢᠳᠤᠯᠭ᠎ᠠ᠂ ᠬᠣᠲᠠ ᠬᠣᠰᠢᠭᠤ ᠬᠣᠶᠠᠷ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠪᠠᠶ᠋ᠢᠭᠤᠯᠤᠮᠵᠢ ᠵᠢᠨ ᠪᠥᠬᠥ ᠺᠠᠳ᠋ᠷ ᠠᠵᠢᠯᠲᠠᠨ ᠠᠵᠢᠯᠴᠢᠨ ᠵᠢᠴᠢ ᠨᠡᠶ᠋ᠢᠭᠡᠮ᠎ᠤᠨ ᠨᠡᠶ᠋ᠢᠲᠡ 300 ᠭᠠᠷᠤᠶ ᠬᠥᠮᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ᠂ ᠪᠥᠬᠥ ᠣᠷᠣᠨ᠎ᠤ 12 ᠠᠶ᠋ᠢᠮᠠᠭ (ᠬᠣᠲᠠ)᠎ᠤᠨ 103 ᠬᠣᠰᠢᠭᠤ (ᠰᠢᠶᠠᠨ᠂ ᠲᠣᠭᠣᠷᠢᠭ) ᠡᠯ᠎ᠡ ᠭᠠᠵᠠᠷ᠎ᠲᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠵᠡᠷᠭᠡ᠎ᠪᠡᠷ ᠡᠬᠢᠯᠡᠭᠦᠯᠪᠡ᠃
ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠬᠦᠯᠬᠦ ᠵᠢᠨ ᠵᠣᠷᠢᠯᠭ᠎ᠠ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ ᠶᠤᠮ᠂ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠯᠪᠠᠨ ᠬᠡᠷ᠎ᠤᠨ 2024 ᠣᠨ᠎ᠤ ᠪᠥᠬᠥ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ᠎ᠤᠨ ᠬᠣᠯᠪᠣᠭᠳᠠᠯ ᠪᠥᠬᠥᠶ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠠᠮᠤᠷ᠎ᠢ ᠬᠠᠮᠠᠭ᠋ᠠᠯᠠᠬᠤ ᠵᠠᠬᠢᠳᠠᠯ[2024]8 ᠳ᠋ᠤᠭ᠋ᠠᠷ ᠲᠣᠭ᠋ᠠᠲᠤ)᠂ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ 2024 ᠣᠨ᠎ᠤ 〈ᠣᠶ ᠰᠢᠭᠤᠶ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠵᠢᠨ ᠭᠠᠷᠠᠭ〉᠎ᠤᠨ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ》 (ᠰᠡᠷᠭᠡᠶ᠋ᠢᠯᠡᠨ ᠡᠵᠡᠮᠳᠡᠬᠦ ᠲᠠᠷᠬᠠᠭ᠋ᠠᠭᠰᠠᠨ [2024]15 ᠳ᠋ᠤᠭ᠋ᠠᠷ ᠲᠣᠭ᠋ᠠᠲᠤ) ᠢ ᠨᠠᠢ᠌ᠳᠠᠪᠤᠷᠢᠵᠢᠭᠤᠯᠬᠤ ᠱᠠᠭ᠋ᠠᠷᠳᠠᠯᠭ᠎ᠠ ᠶᠤᠰᠤᠭ᠋ᠠᠷ᠂ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠯᠠᠮ ᠨᠢᠭᠡ ᠠᠯᠬᠤᠮ ᠤᠬᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠠᠮᠢᠶ᠎ᠠ ᠪᠥᠬᠥᠶ ᠮᠡᠳᠡᠯᠭᠡ ᠵᠢ ᠲᠦᠭᠡᠮᠡᠯᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠪᠠᠶ᠋ᠢᠭᠤᠯᠤᠮᠵᠢ ᠵᠢ ᠤᠯᠤᠰ ᠲᠥᠷᠥ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠬᠦᠨᠳᠦ ᠡᠭᠦᠷᠭᠡ ᠵᠢ ᠡᠭᠦᠷᠭᠡᠯᠡᠵᠦ᠂ ᠬᠦᠴᠢᠷ ᠪᠡᠷᠬᠡ ᠵᠢ ᠳᠠᠪᠠᠵᠤ᠂ ᠬᠠᠷᠢᠭᠤᠴᠠᠯᠭ᠎ᠠ ᠡᠭᠦᠷᠭᠡᠯᠡᠵᠦ᠂ ᠣᠶ ᠰᠢᠭᠤᠢ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ ᠤᠬᠠᠭᠤᠯᠤᠨ ᠳᠠᠶ᠋ᠢᠴᠢᠯᠠᠬᠤ ᠠᠵᠢᠯ᠎ᠢ ᠴᠥᠬᠥᠷᠡᠰᠢ ᠥᠬᠡᠶ ᠰᠠᠶ᠋ᠢᠲᠤᠷ ᠬᠢᠵᠦ᠂ ᠡᠯ᠎ᠡ ᠲᠠᠯ᠎ᠠ ᠵᠢᠨ᠎ᠬᠢᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠬᠠᠮᠲᠤ ᠵᠢᠨ ᠲᠠᠨᠢᠯᠲᠠ᠎ᠲᠠᠢ ᠪᠣᠯᠭ᠋ᠠᠵᠤ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠪᠣᠯᠤᠨ ᠨᠡᠶ᠋ᠢᠭᠡᠮ᠎ᠤᠨ᠎ᠬᠢᠨ ᠬᠠᠮᠲᠤ᠎ᠪᠠᠷ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠵᠢ ᠰᠠᠶ᠋ᠢᠲᠤᠷ ᠬᠢᠬᠦ ᠬᠡᠷᠡᠭᠲᠡᠶ᠃