5 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠯᠧᠦ ᠪᠥᠸᠧ ᠵᠢᠶᠦ᠋ᠨ ᠬᠣᠷᠢᠨᠭᠡᠷ ᠰᠢᠶᠠᠨ᠎ᠳᠤ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠪᠠᠶ᠋ᠢᠴᠠᠭ᠋ᠠᠨ ᠰᠤᠳᠤᠯᠵᠤ᠂ ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠬᠣᠷᠢᠨᠭᠡᠷ ᠰᠢᠶᠠᠨ᠎ᠤ ᠬᠣᠯᠪᠣᠭᠳᠠᠯ ᠪᠥᠬᠥᠶ ᠤᠳᠤᠷᠢᠳᠤᠯᠭ᠎ᠠ ᠪᠣᠯᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃

ᠯᠧᠦ ᠪᠥᠸᠧ ᠵᠢᠶᠦ᠋ᠨ ᠨᠡᠷ ᠨᠠᠨᠱ᠌ᠠᠨ ᠴᠡᠴᠡᠷᠯᠢᠭ᠎ᠤᠨ ᠴᠠᠨ᠎ᠠ ᠴᠡᠴᠡᠭ ᠳᠠᠷᠢᠬᠤ ᠰᠠᠭᠤᠷᠢᠨ᠎ᠤ ᠪᠥᠲᠥᠭᠡᠨ ᠪᠠᠶ᠋ᠢᠭᠤᠯᠤᠯᠲᠠ ᠵᠢ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ᠂ ᠴᠠᠨ᠎ᠠ ᠴᠡᠴᠡᠭ᠎ᠤᠨ ᠰᠢᠨ᠎ᠡ ᠲᠥᠷᠥᠯ ᠵᠦᠢ᠍ᠯ᠂ ᠰᠢᠨ᠎ᠡ ᠮᠡᠷᠭᠡᠵᠢᠯ᠎ᠢ ᠣᠷᠣᠭᠤᠯᠤᠨ ᠠᠪᠴᠢᠷᠠᠵᠤ᠂ ᠴᠠᠨ᠎ᠠ ᠴᠡᠴᠡᠭ᠎ᠤᠨ ᠦᠵᠡᠮᠦᠷᠢ ᠪᠠ ᠡᠮ᠎ᠳᠤ ᠬᠡᠷᠡᠭᠯᠡᠬᠦ ᠥᠷᠲᠡᠭ᠎ᠢ ᠨᠡᠭᠡᠭᠡᠨ ᠬᠥᠭᠵᠢᠭᠦᠯᠵᠦ᠂ ᠳᠠᠷᠢᠬᠤ᠂ ᠰᠣᠨᠢᠷᠬᠠᠬᠤ᠂ ᠪᠣᠷᠣᠯᠠᠭᠤᠯᠬᠤ᠂ ᠡᠮ ᠳᠤ ᠬᠡᠷᠡᠭᠯᠡᠬᠦ ᠵᠢ ᠨᠢᠭᠡ ᠴᠣᠭᠴᠠᠵᠢᠭᠤᠯᠤᠭᠰᠠᠨ ᠴᠠᠨ᠎ᠠ ᠴᠡᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠪᠠᠶ᠋ᠢᠳᠠᠯ᠎ᠢ ᠴᠣᠭᠴᠠᠯᠠᠨ ᠪᠠᠶ᠋ᠢᠭᠤᠯᠵᠤ᠂ 《ᠥᠪᠥᠷ ᠮᠣᠩᠭᠣᠯ᠎ᠤᠨ ᠱᠧᠩ ᠯᠸ ᠴᠠᠨ᠎ᠠ ᠴᠡᠴᠡᠭ᠎ᠤᠨ ᠰᠣᠶᠣᠯ ᠵᠢᠭᠤᠯᠴᠢᠯᠠᠯ᠎ᠤᠨ ᠨᠠᠶ᠋ᠢᠷ》᠎ᠢ ᠡᠷᠭᠢᠯᠡᠬᠦ᠎ᠪᠠᠷ ᠳᠠᠮᠵᠢᠭᠤᠯᠤᠨ᠂ ᠰᠣᠶᠣᠯ ᠲᠡᠦᠬᠡ᠂ ᠠᠮᠢ ᠠᠬᠤᠶ ᠵᠢᠨ ᠵᠢᠭᠤᠯᠴᠢᠯᠠᠯ᠂ ᠰᠡᠯᠡᠭᠦᠴᠡᠨ ᠠᠮᠠᠷᠠᠬᠤ ᠵᠡᠷᠭᠡ ᠵᠢ ᠨᠢᠭᠡ ᠴᠣᠭᠴᠠᠵᠢᠭᠤᠯᠤᠭᠰᠠᠨ ᠠᠮᠢ ᠠᠬᠤᠶ ᠵᠢᠨ ᠰᠡᠯᠡᠭᠦᠴᠡᠯ᠎ᠤᠨ ᠬᠡᠯᠪᠡᠷᠢ ᠵᠢᠨ ᠵᠢᠭᠤᠯᠴᠢᠯᠠᠯ᠎ᠤᠨ ᠣᠷᠣᠨ ᠪᠣᠯᠭ᠋ᠠᠵᠤ᠂ ᠡᠭᠦᠨ᠎ᠤ ᠤᠯᠠᠮ ᠵᠶ᠋ᠠᠷ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠬᠥᠭᠵᠢᠯᠲᠡ ᠵᠢᠨ ᠪᠠᠶ᠋ᠢᠳᠠᠯ᠎ᠢ ᠳᠠᠶ᠋ᠢᠴᠢᠯᠠᠭᠰᠠᠨ ᠪᠠᠢ᠌ᠳᠠᠯ᠎ᠢ ᠨᠠᠷᠢᠨ ᠤᠢ᠌ᠯᠠᠭ᠋ᠠᠭᠰᠠᠨ ᠪᠠᠢ᠌ᠨ᠎ᠠ; ᠬᠣᠷᠢᠨᠭᠡᠷ ᠰᠢᠶᠠᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠤᠢ ᠰᠢᠭᠤᠢ ᠵᠢᠨ ᠠᠵᠤ ᠦᠢ᠍ᠯᠡᠰ᠎ᠤᠨ ᠬᠥᠭᠵᠢᠯᠲᠡ ᠪᠣᠯᠤᠨ ᠬᠠᠮᠲᠤ ᠵᠢᠨ ᠤᠢ ᠰᠢᠭᠤᠢ ᠵᠢᠨ ᠥᠭᠡᠷᠡᠴᠢᠯᠡᠯᠲᠡ ᠵᠢᠨ ᠣᠷᠭ᠋ᠠᠨᠢᠭ ᠤᠶᠠᠯᠳᠤᠯ᠂ ᠣᠶ᠋ᠢᠲᠤ ᠭᠠᠵᠠᠷ᠎ᠤᠨ ᠭᠠᠷᠤᠯᠲᠠ ᠵᠢ ᠨᠡᠮᠡᠭᠳᠡᠭᠦᠯᠵᠦ ᠦᠷ᠎ᠡ ᠠᠰᠢᠭ ᠪᠠ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠭᠰᠡᠨ ᠪᠠᠶ᠋ᠢᠳᠠᠯ ᠵᠢᠴᠢ ᠬᠠᠮᠲᠤ ᠵᠢᠨ ᠤᠢ ᠰᠢᠭᠤᠢ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠤᠨ ᠰᠡᠳᠬᠢᠴᠡ ᠵᠡᠷᠭᠡ ᠲᠠᠯ᠎ᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠪᠠ; ᠬᠣᠷᠢᠨᠭᠡᠷ ᠰᠢᠶᠠᠨ᠎ᠤ ᠬᠠᠮᠲᠤ ᠵᠢᠨ ᠤᠢ ᠰᠢᠭᠤᠢ ᠵᠢᠨ ᠥᠭᠡᠷᠡᠴᠢᠯᠡᠯᠲᠡ ᠵᠢᠨ ᠠᠵᠢᠯ ᠪᠣᠯᠤᠨ ᠴᠠᠨ᠎ᠠ ᠴᠡᠴᠡᠭ᠎ᠤᠨ ᠠᠵᠤ ᠦᠢ᠍ᠯᠡᠰ᠎ᠤᠨ ᠬᠥᠭᠵᠢᠯᠲᠡ ᠵᠢ ᠨᠤᠲᠠᠯᠠᠵᠤ᠂ ᠬᠣᠷᠢᠨᠭᠡᠷ ᠰᠢᠶᠠᠨ᠎ᠤ ᠳᠠᠪᠠᠭᠤᠯᠢᠭ ᠵᠶ᠋ᠠᠨ ᠪᠠᠳᠠᠷᠠᠭᠤᠯᠬᠤ ᠵᠢ ᠦᠷᠭᠦᠯᠵᠢᠯᠡᠨ ᠳᠡᠮᠵᠢᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠰᠢᠪᠲᠤᠯᠤᠯᠲᠠ ᠬᠢᠵᠦ ᠰᠢᠨ᠎ᠡ ᠵᠢ ᠡᠭᠦᠳᠴᠦ᠂ ᠬᠠᠮᠲᠤ ᠵᠢᠨ ᠤᠢ ᠰᠢᠭᠤᠢ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ ᠭᠡᠵᠦ ᠢᠯᠡᠳᠬᠡᠪᠡ᠃
ᠯᠧᠦ ᠪᠥᠸᠧ ᠵᠢᠶᠦ᠋ᠨ᠂ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠲᠥᠯᠥᠪᠵᠢᠭᠦᠯᠵᠦ᠂ ᠪᠠᠶ᠋ᠢᠷᠢᠯᠠᠭᠤᠯᠵᠤ᠂ ᠠᠬᠢᠭᠤᠯᠤᠭᠰᠠᠨ ᠴᠢᠬᠤᠯᠠ ᠶᠡᠬᠡ ᠥᠭᠡᠷᠡᠴᠢᠯᠡᠯᠲᠡ ᠵᠢᠨ ᠦᠢ᠍ᠯᠡᠳᠦᠯᠭᠡ ᠪᠣᠯᠤᠨ᠎ᠠ᠃ ᠬᠠᠮᠲᠤ ᠵᠢᠨ ᠣᠶ ᠰᠢᠭᠤᠶ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ᠂ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ᠎ᠳᠤ ᠨᠡᠩ ᠰᠠᠶ᠋ᠢᠲᠤᠷ ᠵᠣᠬᠢᠴᠠᠭᠤᠯᠬᠤ ᠵᠢᠨ ᠲᠤᠰᠠᠳᠠ᠂ ᠬᠠᠮᠲᠤ ᠵᠢᠨ ᠣᠶ ᠰᠢᠭᠤᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠴᠢᠬᠤᠯᠠᠲᠠᠢ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ ᠶᠠᠭ ᠤᠯᠤᠰ᠎ᠤᠨ ᠬᠠᠮᠲᠤ ᠵᠢᠨ ᠣᠶ ᠮᠣᠳᠣᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠠᠮᠲᠤ ᠵᠢᠨ ᠣᠶ ᠮᠣᠳᠣᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠬᠡᠷᠡᠭᠵᠢᠭᠦᠯᠬᠦ ᠲᠥᠰᠦᠯ᠎ᠢ ᠲᠤᠭᠤᠷᠪᠢᠵᠤ ᠪᠠᠶ᠋ᠢᠨ᠎ᠠ᠂ ᠡᠨᠡ᠎ᠨᠢ ᠪᠦᠬᠦ ᠣᠷᠣᠨ᠎ᠤ ᠬᠠᠮᠲᠤ ᠵᠢᠨ ᠣᠶ ᠮᠣᠳᠣᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠴᠢᠭᠯᠡᠯ᠎ᠢ ᠲᠣᠳᠣᠷᠬᠠᠶ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠭᠰᠠᠨ ᠪᠠᠶ᠋ᠢᠨ᠎ᠠ᠃ ᠬᠣᠷᠢᠨᠭᠡᠷ ᠰᠢᠶᠠᠨ᠎ᠨᠢ ᠥᠪᠡᠷᠲᠡᠭᠡᠨ ᠵᠠᠰᠠᠬᠤ ᠣᠷᠣᠨ᠎ᠤ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠡᠷᠦᠩᠬᠡᠶ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠬᠣᠷᠢᠨᠭᠡᠷ ᠰᠢᠶᠠᠨ᠎ᠤ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠤᠨ ᠲᠥᠰᠦᠯ᠎ᠢ ᠰᠤᠳᠤᠯᠤᠨ ᠲᠣᠭᠲᠠᠭ᠋ᠠᠵᠤ᠂ ᠮᠠᠯᠴᠢᠨ ᠲᠠᠷᠢᠶᠠᠴᠢᠨ᠎ᠤ ᠡᠷᠬᠡ ᠠᠰᠢᠭ᠎ᠢ ᠪᠠᠲᠤᠯᠠᠬᠤ᠂ ᠬᠡᠪᠴᠢᠶᠡᠵᠢᠭᠦᠯᠦᠨ ᠡᠵᠡᠩᠨᠡᠬᠦ ᠵᠢ ᠠᠬᠢᠭᠤᠯᠬᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠰᠢᠨ᠎ᠡ ᠵᠠᠭᠪᠤᠷ᠂ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠂ ᠪᠥᠬᠥ ᠣᠷᠣᠨ᠂ ᠪᠥᠬᠥ ᠬᠣᠲᠠ ᠵᠢᠨ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ᠎ᠳᠤ ᠵᠠᠮ ᠬᠠᠶ᠋ᠢᠵᠤ᠂ ᠲᠤᠷᠰᠢᠯᠭ᠎ᠠ ᠡᠭᠦᠳᠴᠦ᠂ ᠵᠢᠱ᠌ᠢᠶ᠎ᠡ ᠦᠵᠡᠭᠦᠯᠵᠦ᠂ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠳᠤ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠶ ᠭᠡᠵᠡᠢ᠃