5 ᠰᠠᠷ᠎ᠠ ᠵᠢᠨ 14᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠵᠢᠨ ᠭᠤᠷᠪᠠᠨ ᠤᠷᠤᠨ 》 ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢᠴᠢ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠲᠤᠬᠠᠶ ᠵᠢᠨ ᠲᠠᠯᠠᠪᠠᠶ ᠵᠢᠨ ᠠᠬᠢᠭᠤᠯᠬᠤ ᠬᠤᠷᠠᠯ ᠪᠠᠶᠠᠨᠨᠠᠭᠤᠷ ᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠶ᠋ᠢᠴᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠳᠤ ᠰᠠᠭᠤᠭ᠎ᠠ ᠲᠤᠰᠬᠠᠶ ᠲᠤᠰᠢᠶᠠᠯᠲᠠᠨ᠎ᠤ ᠠᠯᠪᠠᠨ ᠬᠡᠷ᠎ᠤᠨ ᠲᠤᠰᠬᠠᠶ ᠲᠤᠰᠢᠶᠠᠯᠲᠠᠨ ᠯᠢ ᠶᠠᠨ ᠬᠤᠸᠠ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠬᠤᠷᠠᠯ᠎ᠳᠤ ᠣᠷᠣᠯᠴᠠᠵᠠᠶ᠃ ᠪᠠᠶᠠᠨᠨᠠᠭᠤᠷ᠂ ᠣᠷᠳᠣᠰ᠂ ᠤᠯᠠᠭ᠋ᠠᠨᠬᠠᠳᠠ᠂ ᠰᠢᠯᠢ ᠵᠢᠨ ᠭᠤᠤᠯ᠂ ᠠᠯᠠᠱ᠌ᠠ 5 ᠠᠶ᠋ᠢᠮᠠᠭ ᠬᠣᠲᠠ ᠰᠠᠨᠠᠯ ᠵᠶ᠋ᠠᠨ ᠰᠣᠯᠢᠯᠴᠠᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠪᠣᠳᠠᠲᠠᠶ ᠠᠵᠢᠯ᠎ᠤᠨ ᠪᠠᠶ᠋ᠢᠷᠢᠯᠠᠭᠤᠯᠤᠯᠲᠠ ᠬᠢᠪᠠ᠃

ᠬᠤᠷᠠᠯ᠎ᠠᠴᠠ᠂ ᠥᠪᠥᠷ ᠮᠣᠩᠭᠣᠯ ᠪᠣᠯ ᠪᠦᠬᠦ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠳᠠᠶ᠋ᠢᠯᠠᠯᠳᠤᠭ᠋ᠠᠨ᠎ᠤ ᠲᠠᠯᠠᠪᠤᠷ᠂ ᠡᠯᠡᠰᠦᠨ ᠰᠢᠭᠤᠷᠭ᠎ᠠ ᠵᠢ ᠰᠡᠷᠭᠡᠶ᠋ᠢᠯᠡᠬᠦ ᠭᠣᠣᠯ ᠰᠡᠷᠭᠡᠶ᠋ᠢᠯᠡᠯᠲᠡ ᠵᠢᠨ ᠱᠤᠭᠤᠮ ᠪᠣᠯᠤᠨ᠎ᠠ᠃ 《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ 《ᠬᠣᠶᠠᠷ ᠬᠠᠭ᠋ᠠᠰ》᠎ᠨᠢ ᠥᠪᠥᠷ ᠮᠣᠩᠭᠣᠯ᠎ᠳᠤ ᠪᠠᠶ᠋ᠢᠵᠤ᠂ 60 %᠎ᠠᠴᠠ ᠳᠡᠭᠡᠭᠰᠢᠬᠢ ᠠᠵᠢᠯ᠎ᠤᠨ ᠬᠡᠮᠵᠢᠶ᠎ᠡ᠎ᠨᠢ ᠥᠪᠥᠷ ᠮᠣᠩᠭᠣᠯ᠎ᠳᠤ ᠪᠠᠶ᠋ᠢᠨ᠎ᠠ᠃ ᠨᠢᠳᠤᠨᠤᠨ᠎ᠤ 6 ᠰᠠᠷ᠎ᠠ᠎ᠳᠤ ᠶᠡᠷᠦᠩᠬᠡᠢ ᠱᠦᠵᠢ ᠰᠢ ᠵᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠵᠤ᠂ ᠪᠦᠬᠦ ᠤᠯᠤᠰ᠎ᠲᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠶᠡᠷᠦᠩᠬᠡᠢ ᠲᠠᠢ᠍ᠢ᠍ᠴᠢᠯᠠᠯᠳᠠ ᠵᠢᠨ ᠵᠠᠷᠯᠢᠭ ᠪᠠᠭᠤᠯᠭ᠋ᠠᠭᠰᠠᠨ᠎ᠠᠴᠠ ᠨᠠᠭ᠋ᠠᠰᠢ᠂ ᠥᠪᠥᠷ ᠮᠣᠩᠭᠣᠯ ᠵᠠᠷᠯᠢᠭ᠎ᠢ ᠰᠣᠨᠣᠰᠤᠮᠠᠭᠴᠠ᠎ᠪᠠᠨ ᠬᠥᠳᠡᠯᠦᠯᠴᠡᠵᠦ᠂ ᠤᠬᠠᠮᠰᠠᠷ᠎ᠠᠴᠠ᠎ᠪᠠᠨ ᠭᠣᠣᠯ ᠲᠠᠭ᠋ᠠᠷᠢᠯᠳᠠ ᠬᠢᠵᠦ᠂ ᠭᠣᠣᠯ ᠬᠦᠴᠦᠨ ᠪᠣᠯᠪᠠ᠂ ᠪᠦᠬᠦ ᠣᠷᠣᠨ᠎ᠤ ᠡᠯ᠎ᠡ ᠭᠠᠵᠠᠷ᠎ᠤᠨ᠎ᠬᠢᠨ ᠵᠠᠰᠠᠯᠲᠠ ᠵᠢ ᠪᠠᠴᠢᠮ ᠶᠠᠭ᠋ᠠᠷᠠᠯᠲᠠᠢ ᠠᠬᠢᠭᠤᠯᠪᠠ᠂ ᠨᠢᠳᠤᠨᠤᠨ᠂ ᠪᠦᠬᠦ ᠣᠷᠣᠨ᠎ᠤ᠎ᠬᠢᠨ ᠨᠡᠢ᠍ᠢ᠍ᠳᠡ 950 ᠲᠦᠮᠡᠨ ᠮᠦ᠍ ᠡᠯᠡᠰᠦ ᠵᠢ ᠰᠡᠷᠭᠡᠶ᠋ᠢᠯᠡᠨ ᠵᠠᠰᠠᠬᠤ ᠡᠭᠦᠷᠭᠡ ᠵᠢ ᠪᠡᠶᠡᠯᠡᠭᠦᠯᠵᠦ᠂ ᠤᠯᠤᠰ᠎ᠠᠴᠠ ᠪᠠᠭᠤᠯᠭ᠋ᠠᠭᠰᠠᠨ 50 %᠎ᠠᠴᠠ ᠳᠡᠭᠡᠭᠰᠢᠬᠢ ᠡᠭᠦᠷᠬᠡ ᠵᠢ ᠳᠠᠪᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠤᠷᠤᠭᠰᠢᠳᠠᠢ ᠡᠬᠢᠯᠡᠬᠦᠯᠪᠡ; ᠡᠨᠡ ᠵᠢᠯ᠂ 604 ᠲᠦᠮᠡᠨ ᠮᠦ᠍ ᠡᠯᠡᠰᠦ ᠵᠢ ᠰᠡᠷᠭᠡᠶ᠋ᠢᠯᠡᠨ ᠵᠠᠰᠠᠬᠤ ᠵᠢ ᠪᠡᠶᠡᠯᠡᠭᠦᠯᠵᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ ᠪᠡᠶᠡᠯᠡᠭᠦᠯᠦᠭᠰᠡᠨ ᠬᠡᠮᠵᠢᠶᠡᠨ᠎ᠤ 4 ᠳᠠᠬᠢᠨ ᠰᠢᠬᠠᠮ ᠪᠣᠯᠪᠠ᠃

ᠬᠤᠷᠠᠯ᠎ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠪᠠᠲᠤ ᠴᠢᠩᠭ᠎ᠠ ᠲᠡᠦᠬᠡᠲᠦ ᠡᠭᠦᠷᠭᠡᠲᠦ ᠰᠡᠳᠬᠢᠯᠭᠡ ᠪᠣᠯᠤᠨ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠷ ᠡᠯᠡᠰᠦ᠎ᠲᠠᠢ ᠲᠡᠮᠡᠴᠡᠬᠦ ᠬᠡᠷᠡᠭᠲᠡᠢ᠃ ᠵᠣᠯᠭ᠋ᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠨᠠᠩ ᠣᠯᠠᠨ ᠲᠥᠷᠥᠯ ᠵᠦᠢ᠍ᠯ᠎ᠤᠨ ᠪᠠᠯᠠ ᠮᠥᠩᠭᠥ ᠵᠢ ᠢᠳᠡᠪᠬᠢᠲᠡᠶ ᠲᠡᠮᠡᠴᠡᠨ ᠤᠯᠬᠤ ᠬᠡᠷᠡᠭᠲᠡᠶ᠃ ᠮᠠᠰᠢᠨ ᠵᠶ᠋ᠠᠷ ᠡᠯᠡᠰᠦᠷᠬᠡᠭᠵᠢᠯ᠎ᠢ ᠵᠠᠰᠠᠬᠤ ᠪᠦᠷᠬᠦᠴᠡ ᠵᠢᠨ ᠬᠡᠪᠴᠢᠶ᠎ᠡ ᠵᠢ ᠥᠷᠭᠡᠳᠬᠡᠵᠦ᠂ ᠡᠯᠡᠰᠦᠷᠬᠡᠭᠵᠢᠯ᠎ᠢ ᠵᠠᠰᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠴᠢᠬᠢ ᠮᠣᠳᠣᠨ᠎ᠤ ᠲᠦᠭᠦᠬᠡᠶ ᠮᠠᠲ᠋ᠧᠷᠢᠶᠠᠯ᠎ᠢ ᠭᠦᠢ᠍ᠴᠡᠳ ᠪᠡᠯᠡᠳᠬᠡᠵᠦ᠂ ᠲᠤᠬᠠᠶ ᠵᠢᠨ ᠭᠠᠵᠠᠷ᠎ᠠᠴᠠ ᠮᠠᠲ᠋ᠧᠷᠢᠶᠠᠯ ᠠᠪᠬᠤ ᠵᠢ ᠴᠢᠩᠭ᠋ᠠᠳᠬᠠᠵᠤ᠂ ᠠᠷᠭ᠎ᠠ ᠪᠦᠬᠦᠨ᠎ᠢ ᠰᠦᠪᠡᠭᠴᠢᠯᠡᠨ ᠡᠯᠡᠰᠦ ᠵᠢ ᠵᠠᠰᠠᠬᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠲᠠᠷᠢᠶᠠᠴᠢᠨ ᠮᠠᠯᠴᠢᠳ᠎ᠤᠨ ᠢᠳᠡᠪᠬᠢᠵᠢᠯ᠎ᠢ ᠰᠠᠶ᠋ᠢᠲᠤᠷ ᠳᠠᠶ᠋ᠢᠴᠢᠯᠠᠵᠤ᠂ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠡᠯᠡᠰᠦᠷᠬᠡᠭᠵᠢᠯ᠎ᠢ ᠵᠠᠰᠠᠬᠤ ᠵᠠᠭᠪᠤᠷ᠎ᠢ ᠳᠡᠯᠭᠡᠷᠡᠭᠦᠯᠵᠦ᠂ ᠲᠤᠰ ᠭᠠᠵᠠᠷ ᠣᠷᠣᠨ᠎ᠤ᠎ᠪᠠᠨ ᠲᠠᠷᠢᠶᠠᠴᠢᠨ ᠮᠠᠯᠴᠢᠳ᠎ᠤᠨ ᠴᠠᠯᠢᠩ᠎ᠤᠨ ᠣᠷᠣᠯᠭ᠎ᠠ ᠵᠢ ᠳᠡᠭᠡᠭᠰᠢᠯᠡᠭᠦᠯᠬᠦ ᠬᠡᠷᠡᠭᠲᠡᠶ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨᠵᠢᠯᠡᠬᠦ ᠤᠬᠠᠭ᠋ᠠᠨᠴᠢ᠎ᠪᠠᠷ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠵᠠᠭᠪᠤᠷ᠎ᠢ ᠬᠠᠶ᠋ᠢᠨ ᠰᠦᠪᠡᠭᠴᠢᠯᠡᠵᠦ᠂ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠭᠦᠨᠵᠡᠭᠡᠶ᠋ᠢᠷᠡᠬᠦ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠶ᠃ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠪᠠ ᠰᠢᠨ᠎ᠡ ᠡᠨᠧᠷᠭᠢ ᠵᠢᠨ ᠪᠦᠳᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠲᠠ ᠬᠣᠯᠪᠣᠭ᠋ᠠᠲᠤ ᠴᠣᠭᠴᠠ ᠵᠢᠨ ᠲᠣᠭᠲᠠᠴᠠ ᠵᠢ ᠲᠦᠷᠭᠡᠳᠬᠡᠨ ᠪᠠᠶ᠋ᠢᠭᠤᠯᠵᠤ᠂ ᠮᠡᠷᠭᠡᠵᠢᠯ᠎ᠤᠨ ᠲᠦᠷᠢᠮ᠎ᠢ ᠴᠢᠩᠭ᠎ᠠ ᠵᠢᠷᠤᠮᠯᠠᠨ ᠨᠢᠭᠡ ᠴᠤᠬ᠍ᠴᠠᠵᠢᠭᠤᠯᠤᠬᠰᠠᠨ ᠲᠦᠷᠦᠯ ᠵᠦᠢ᠍ᠯ᠎ᠢ ᠰᠠᠶ᠋ᠢᠲᠤᠷ ᠬᠡᠷᠡᠭᠵᠢᠭᠦᠯᠵᠦ᠂ ᠪᠠᠶ᠋ᠢᠭᠤᠯᠤᠭᠰᠠᠨ᠎ᠤ ᠲᠠᠷᠠᠭ᠎ᠠ ᠰᠢᠯᠵᠢᠭᠦᠯᠦᠨ ᠲᠤᠰᠢᠶᠠᠵᠤ ᠬᠠᠮᠢᠶᠠᠷᠤᠨ ᠬᠠᠮᠠᠭ᠋ᠠᠯᠠᠬᠤ ᠠᠰᠠᠭᠤᠳᠠᠯ᠎ᠢ ᠨᠠᠷᠢᠨ ᠬᠢᠨᠠᠮᠠᠭ᠋ᠠᠢ ᠰᠤᠳᠤᠯᠵᠤ᠂ ᠵᠠᠰᠠᠯᠲᠠ ᠵᠢᠨ ᠦᠷ᠎ᠡ ᠪᠦᠲᠦᠮᠵᠢ ᠵᠢ ᠰᠠᠶ᠋ᠢᠲᠤᠷ ᠪᠡᠬᠢᠵᠢᠭᠦᠯᠵᠦ᠂ 《1 + 1〉 2》᠎ᠤᠨ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ ᠭᠡᠵᠡᠢ᠃
