ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠷᠰᠢᠯᠲᠠ ᠵᠢᠨ ᠴᠡᠭ᠎ᠤᠨ ᠠᠵᠢᠯ᠎ᠤᠨ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-05-17

   
    5 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠭᠡᠷᠡᠴᠢᠯᠡᠯᠲᠡ ᠬᠦᠭᠵᠢᠬᠦᠯᠦᠯᠳᠡ+ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ᠎ᠤᠨ ᠭᠠᠵᠠᠷ ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤᠨ᠎ᠳᠤ ᠬᠦᠷᠴᠦ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ᠃ ᠪᠠᠶ᠋ᠢᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ᠂ ᠮᠠᠨ᠎ᠤ ᠭᠠᠵᠠᠷ ᠤᠯᠠᠭ᠋ᠠᠨᠬᠠᠳᠠ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠠᠷᠠᠴᠢᠨ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠠᠵᠢᠯᠲᠠᠳ᠎ᠲᠠᠢ ᠶᠠᠷᠢᠯᠴᠠᠬᠤ ᠬᠤᠷᠠᠯ ᠬᠢᠵᠦ᠂ ᠬᠠᠷᠠᠴᠢᠨ ᠬᠣᠰᠢᠭᠤᠨ᠎ᠤ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢᠨ ᠣᠳᠣᠬᠢ ᠪᠠᠶ᠋ᠢᠳᠠᠯ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠬᠥᠭᠵᠢᠯᠲᠡ ᠵᠢᠨ ᠠᠵᠢᠯ᠎ᠤᠨ ᠰᠡᠳᠬᠢᠮᠵᠢ ᠵᠢ ᠰᠣᠨᠣᠰᠴᠤ᠂ ᠣᠶ ᠰᠢᠭᠤᠶ ᠵᠢᠨ ᠠᠵᠤ ᠦᠢ᠍ᠯᠡᠰ᠎ᠤᠨ ᠬᠥᠭᠵᠢᠯᠲᠡ ᠪᠠ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠤᠨ ᠲᠣᠭᠣᠷᠢᠨ᠎ᠳᠤ ᠭᠦᠨᠵᠡᠭᠡᠶ ᠰᠣᠯᠢᠯᠴᠠᠵᠤ᠂ ᠬᠠᠷᠠᠴᠢᠨ ᠬᠤᠰᠢᠭᠤ ᠥᠪᠡᠷᠲᠡᠭᠡᠨ ᠵᠠᠰᠠᠬᠤ ᠣᠷᠣᠨ᠎ᠤ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠱ᠌ᠢᠶ᠎ᠡ ᠦᠵᠡᠭᠦᠯᠬᠦ ᠦᠢ᠍ᠯᠡᠳᠦᠯ ᠵᠶ᠋ᠠᠨ ᠴᠢᠩᠭ᠋ᠠᠳᠬᠠᠪᠠ᠃ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠣᠪᠴᠢᠶ᠎ᠠ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠦᠷᠭᠦᠯᠵᠢᠯᠡᠨ ᠠᠬᠢᠭᠤᠯᠵᠤ᠂ ᠬᠠᠮᠲᠤ ᠵᠢᠨ ᠣᠶ ᠰᠢᠭᠤᠶ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠠᠮᠢ ᠠᠬᠤᠶ ᠦᠵᠡᠰᠬᠦᠯᠡᠩᠲᠦ ᠰᠠᠶ᠋ᠢᠬᠠᠨ᠂ ᠠᠷᠠᠳ ᠢᠷᠭᠡᠳ ᠪᠠᠶᠠᠨ ᠴᠢᠨᠡᠭᠡᠯᠢᠭ ᠪᠠᠶ᠋ᠢᠬᠤ ᠣᠷᠭ᠋ᠠᠨᠢᠭ ᠨᠢᠭᠡᠳᠦᠯ᠎ᠢ ᠴᠢᠷᠮᠠᠶ᠋ᠢᠨ ᠪᠡᠶᠡᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ 6 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠥᠪᠥᠷ ᠮᠣᠩᠭᠣᠯ ᠬᠠᠤᠯᠢ ᠵᠢ ᠵᠥᠷᠢᠴᠡᠨ ᠣᠶ᠋ᠢᠲᠤ ᠭᠠᠵᠠᠷ ᠨᠤᠲᠤᠭ ᠪᠡᠯᠴᠢᠭᠡᠷ᠎ᠢ ᠬᠠᠭ᠋ᠠᠯᠪᠤᠷᠢᠯᠠᠭᠰᠠᠨ ᠦᠢ᠍ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ ᠤᠮᠠᠷᠠᠲᠤ ᠵᠢᠨ ᠠᠮᠢ ᠠᠬᠤᠢ ᠵᠢᠨ ᠬᠠᠯᠬᠠᠪᠴᠢ ᠵᠢ ᠪᠠᠲᠤ ᠴᠤᠭᠴᠠᠯᠠᠵᠤ ᠪᠤᠢ
ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠶᠡᠷᠦᠩᠬᠡᠶ ᠥᠷᠲᠡᠭᠡ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ 《ᠰᠡᠷᠡᠮᠵᠢᠯᠡᠭᠦᠯᠬᠦ ᠬᠥᠮᠦᠵᠢᠯ᠎ᠤᠨ ᠹᠢᠯᠢᠮ ᠦᠵᠡᠵᠦ᠂ ᠠᠷᠢᠭᠤᠨ ᠴᠢᠬᠡᠴᠢ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ》 ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠣᠢ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠪᠠ
 
             蒙ICP备05000248号